ᠤᠳᠠ ᠲᠣᠭᠤᠷᠢᠭ᠄ ︽ᠭᠤᠷᠪᠠ ᠶᠢ ᠵᠢᠯᠣᠭᠤᠳᠴᠤ ᠴᠤᠭᠭᠠᠷ ᠤᠷᠤᠭᠰᠢᠯᠠᠬᠤ︾ ︽ᠴᠢᠳᠠᠪᠤᠷᠢᠲᠠᠨ ᠤ ᠵᠣᠬᠢᠶᠠᠯ︾ ᠢ ᠰᠠᠶᠢᠲᠤᠷ ᠬᠢᠬᠦ ᠬᠡᠷᠡᠭᠲᠡᠶ
ᠨᠡᠶᠢᠲᠡᠯᠡᠭᠰᠡᠨ ᠴᠠᠭ᠄
2020/10/14
     ᠡᠨᠡ ᠵᠢᠯ ᠠᠴᠠ ᠨᠠᠰᠢ᠂ ᠤᠳᠠ ᠲᠣᠭᠤᠷᠢᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠭᠤᠣᠯᠳᠠᠯᠭ᠎ᠠ ᠲᠠᠢ ᠠᠵᠢᠯ ᠤᠨ ᠲᠤᠭᠤᠷᠢᠭ ᠲᠤ᠂ ᠡᠩᠨᠡᠭᠡᠨ ᠤ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠭᠰᠡᠨ ᠨᠢ ᠣᠷᠣᠨ ᠪᠦᠰᠡ ᠶᠢᠨ ᠴᠢᠨᠠᠷ ᠰᠠᠶᠢᠲᠠᠶ ᠬᠦᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠴᠢᠳᠠᠪᠤᠷᠢᠲᠠᠨ ᠤ ᠪᠠᠲᠤᠯᠠᠭ᠎ᠠ ᠬᠠᠩᠭᠠᠪᠠ᠃      ︽ᠣᠷᠣᠭᠤᠯᠵᠤ ᠢᠷᠡᠬᠦ︾ ᠳᠡᠭᠡᠷ᠎ᠡ ᠬᠦᠴᠦ ᠣᠷᠣᠭᠤᠯᠵᠤ᠂ ︽ᠴᠢᠳᠠᠪᠤᠷᠢᠲᠠᠨ ᠣᠷᠣᠭᠤᠯᠬᠤ︾ ᠠᠵᠢᠯ ᠢ ᠰᠠᠶᠢᠲᠤᠷ ᠬᠢᠨ᠎ᠠ᠃ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠢᠳᠠᠪᠤᠷᠢᠲᠠᠨ ᠤ ᠡᠩᠨᠡᠭᠡ ᠶᠢ ᠦᠷᠭᠦᠯᠵᠢᠯᠡᠨ ᠳᠡᠭᠦᠯᠲᠡᠷᠵᠢᠭᠦᠯᠦᠨ᠎ᠡ᠃ ᠨᠢᠭᠡ ᠳᠤ ᠦᠬᠠᠶ ᠬᠤᠲᠠ ᠶᠢᠨ ᠳᠠᠷᠤᠮᠠᠯᠯᠠᠨ ᠲᠠᠷᠬᠠᠭᠠᠭᠰᠠᠨ ︽ᠦᠬᠠᠶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠢᠳᠠᠪᠤᠷᠢᠲᠠᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠰᠠᠨᠠᠯ︾᠂ ︽ᠦᠬᠠᠶ ᠬᠤᠲᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠠᠷᠭ᠎ᠠ ︵ᠲᠤᠷᠰᠢᠨ ᠬᠡᠷᠡᠭᠵᠢᠭᠦᠯᠬᠦ︶︾ ᠵᠡᠷᠭᠡ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠬᠢᠨᠠᠮᠠᠭᠠᠶ ᠨᠠᠶᠢᠳᠠᠪᠤᠷᠢᠵᠢᠭᠤᠯᠤᠨ᠎ᠠ᠃ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ᠂ ᠭᠤᠣᠯᠳᠠᠯᠭ᠎ᠠ ᠲᠠᠢ ᠠᠵᠤ ᠦᠢᠯᠡᠰ᠂ ᠭᠤᠣᠯᠳᠠᠯᠭ᠎ᠠ ᠲᠠᠢ ᠲᠥᠷᠥᠯ ᠵᠦᠢᠯ᠂ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ ᠮᠠᠨ ᠤ ᠣᠷᠣᠨ ᠤ ᠬᠥᠭᠵᠢᠯᠲᠡ ᠶᠢᠨ ᠬᠡᠷᠡᠭᠴᠡᠭᠡ ᠳᠤ ᠲᠣᠬᠢᠷᠠᠭᠰᠠᠨ ᠡᠯ᠎ᠡ ᠲᠥᠷᠥᠯ ᠤᠨ ᠴᠢᠳᠠᠪᠤᠷᠢᠲᠠᠨ ᠢ ᠬᠦᠴᠦᠯᠡᠨ ᠣᠷᠣᠭᠤᠯᠵᠤ ᠢᠷᠡᠨ᠂ ᠣᠷᠣᠨ ᠪᠦᠰᠡ ᠶᠢᠨ ᠬᠥᠭᠵᠢᠯᠲᠡ ᠳᠤ ᠦᠵᠡᠭᠦᠯᠬᠦ ᠴᠢᠳᠠᠪᠤᠷᠢᠲᠠᠨ ᠤ ᠠᠬᠢᠭᠤᠯᠬᠤ  ᠦᠢᠯᠡᠳᠦᠯ ᠢ ᠤᠯᠠᠮ ᠨᠢᠭᠡ ᠠᠯᠬᠤᠮ ᠨᠡᠮᠡᠭᠳᠡᠭᠦᠯᠬᠦ ᠬᠡᠷᠡᠭᠲᠡᠶ᠃ ᠡᠨᠡ ᠵᠢᠯ ᠠᠴᠠ ᠨᠠᠰᠢ 12 ᠠᠯᠪᠠᠲᠠᠨ ᠰᠢᠯᠭᠠᠨ ᠡᠯᠰᠡᠵᠦ᠂ ᠣᠲᠣ ᠨᠢᠭᠡᠨᠲᠡ ᠪᠢᠷ ᠤᠨ ᠰᠢᠯᠭᠠᠯᠲᠠ ᠬᠢᠵᠦ ᠳᠠᠭᠤᠰᠪᠠ︔ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ 150 ᠴᠢᠳᠠᠪᠤᠷᠢᠲᠠᠨ᠂ 47 ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠣᠷᠣᠭᠤᠯᠤᠨ ᠠᠪᠴᠢᠷᠠᠵᠤ ᠂ ᠣᠲᠣ ᠨᠢᠭᠡᠨᠲᠡ ᠪᠦᠬᠦᠨ ᠢᠶᠠᠷ ᠢᠶᠠᠨ ᠠᠵᠢᠯ ᠤᠨ ᠪᠠᠶᠢᠷᠢ ᠳᠤ ᠭᠠᠷᠪᠠ᠃ ᠬᠤᠶᠠᠷ ᠲᠤ ︽ᠵᠠᠰᠠᠭ ᠤᠨ ᠣᠷᠳᠣᠨ ᠰᠤᠷᠭᠠᠭᠤᠯᠢ ᠠᠵᠤ ᠠᠬᠤᠶᠢᠯᠠᠯ︾ ᠤᠨ ᠬᠠᠮᠲᠤᠷᠠᠯᠴᠠᠭᠠᠨ ᠤ ᠬᠡᠪ ᠵᠠᠭᠪᠤᠷ ᠢ ᠢᠳᠡᠪᠬᠢᠲᠠᠢ ᠲᠡᠭᠦᠯᠳᠡᠷᠵᠢᠭᠦᠯᠵᠦ᠂ ᠠᠵᠤ ᠠᠬᠤᠶᠢᠯᠠᠯ ᠪᠠ ᠶᠡᠭᠡ ᠳᠡᠭᠡᠳᠦ ᠰᠤᠷᠭᠠᠭᠤᠯᠢ ᠳᠤ ᠲᠠᠪᠴᠠᠩ ᠪᠠᠶᠢᠭᠤᠯᠵᠤ᠂ ᠥᠪᠥᠷ ᠮᠣᠩᠭᠤᠯ ᠤᠨ ᠬᠢᠮᠢ ᠶᠢᠨ ᠠᠵᠦ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯᠤᠨ ᠵᠢᠶᠦ᠋ᠨ ᠵᠧᠩ᠂ ᠶᠤᠸᠠᠨ ᠬᠤᠩ 60 ᠬᠦᠮᠦᠨ ᠤ ︽ᠬᠠᠨᠳᠤᠯᠭ᠎ᠠ ᠲᠠᠢ ᠪᠠᠷ ᠨᠠᠶᠢᠳᠠᠨ ᠬᠥᠮᠦᠵᠢᠭᠦᠯᠬᠦ ᠠᠩᠭᠢ︾ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠣᠷᠣᠨ ᠨᠤᠲᠤᠭ ᠤᠨ ᠠᠵᠤ ᠠᠬᠤᠶᠢᠯᠠᠯ ᠳᠤ ᠠᠮᠢᠵᠢᠷᠠᠯ ᠤᠨ ᠬᠦᠴᠦᠨ ᠢ ᠲᠠᠰᠤᠷᠠᠯᠲᠠ  ᠦᠭᠡᠢ ᠨᠡᠮᠡᠷᠢᠯᠡᠵᠡᠶ᠃      ︽ᠪᠣᠯᠪᠠᠰᠤᠷᠠᠯ︾ ᠳᠡᠭᠡᠷ᠎ᠡ ᠬᠦᠴᠦ ᠣᠷᠣᠭᠤᠯᠵᠤ᠂ ︽ᠴᠢᠳᠠᠪᠤᠷᠢᠲᠠᠨ ᠬᠥᠮᠦᠵᠢᠭᠦᠯᠬᠦ︾ ᠠᠵᠢᠯ ᠢ ᠰᠠᠶᠢᠲᠤᠷ ᠬᠢᠨ᠎ᠠ᠃ ᠨᠢᠭᠡ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠣᠭᠤᠯᠬᠤ ᠵᠡᠷᠭᠡ ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠳᠠᠪᠤᠷᠢᠲᠠᠨ ᠤ ᠠᠵᠢᠯᠲᠠᠨ ᠤ ᠬᠥᠮᠦᠵᠢᠯ ᠰᠤᠷᠤᠯᠴᠠᠯᠭ᠎ᠠ ᠪᠣᠯᠪᠠᠰᠤᠷᠠᠭᠤᠯᠤᠯ ᠤᠨ ᠡᠷᠴᠢᠮ ᠢ ᠦᠷᠭᠦᠯᠵᠢᠯᠡᠨ ᠴᠢᠩᠭᠠᠷᠠᠭᠤᠯᠵᠦ᠂ ᠰᠢᠯᠢᠳᠡᠭ ᠴᠢᠳᠠᠪᠤᠷᠢᠲᠠᠨ ᠢ ᠰᠣᠩᠭᠤᠨ ᠲᠣᠮᠢᠯᠠᠵᠤ ᠪᠦᠬᠦ ᠬᠤᠲᠠ ᠶᠢᠨ ᠴᠢᠳᠠᠪᠤᠷᠢᠲᠠᠨ ᠤ ᠠᠵᠢᠯᠲᠠᠨ ᠤ ᠪᠣᠯᠪᠠᠰᠤᠷᠠᠯ ᠤᠨ ᠠᠩᠭᠢ ᠳᠤ ᠣᠷᠣᠯᠴᠠᠭᠤᠯᠤᠨ᠎ᠠ᠃ ᠬᠤᠶᠠᠷ ᠲᠤ ᠭᠤᠤᠯᠳᠠᠯᠭ᠎ᠠ ᠲᠠᠢ ᠠᠵᠢᠯ ᠲᠠᠢ ᠪᠠᠨ ᠤᠶᠠᠯᠳᠤᠭᠤᠯᠤᠨ ᠰᠠᠯᠠᠭᠠᠨ ᠤ ᠲᠠᠰ ᠤᠨ ᠺᠠᠳ᠋ᠷ ᠤᠨ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠶᠢ ᠥᠷᠨᠢᠭᠦᠯᠵᠡᠶ᠃ ᠪᠦᠬᠦ ᠲᠤᠭᠤᠷᠢᠭ ᠤᠨ ᠺᠠᠳ᠋ᠷ ᠤᠨ ᠠᠵᠢᠯ ᠤᠨ ᠴᠢᠳᠠᠪᠤᠷᠢ ᠪᠠ ᠬᠡᠪ ᠴᠢᠨᠠᠷ ᠪᠣᠯᠪᠠᠰᠤᠷᠠᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠪᠤᠢ ᠪᠣᠯᠭᠠᠬᠤ ᠳᠤ ᠰᠠᠭᠤᠷᠢ ᠶᠢ ᠪᠠᠬᠢᠵᠢᠭᠦᠯᠦᠨ᠎ᠡ᠃ ᠡᠨᠡ ᠵᠢᠯ ᠠᠴᠠ ᠨᠠᠰᠢ ᠡᠯ᠎ᠡ ᠲᠥᠷᠥᠯ ᠤᠨ ᠰᠠᠯᠠᠭᠠᠨ ᠲᠠᠰ ᠤᠨ ᠺᠠᠳ᠋ᠷ ᠤᠨ ᠪᠣᠯᠪᠠᠰᠤᠷᠠᠯ ᠤᠨ ᠠᠩᠭᠢ ᠶᠢ ᠨᠢᠭᠡᠨᠲᠡ 8 ᠬᠤᠭᠤᠴᠠᠭ᠎ᠠ ᠡᠷᠭᠢᠯᠡᠵᠦ᠂ ᠨᠡᠶᠢᠲᠡ 1100 ᠭᠠᠷᠤᠶ ᠬᠥᠮᠦᠨ ᠤᠳᠠᠭ᠎ᠠ ᠪᠣᠯᠪᠠᠰᠤᠷᠠᠭᠤᠯᠪᠠ᠃      ︽ᠪᠠᠲᠤᠯᠠᠭ᠎ᠠ︾ ᠶᠢᠨ ᠲᠠᠯ᠎ᠠ ᠪᠠᠷ ᠣᠷᠴᠢᠨ ᠲᠣᠭᠤᠷᠢᠨ ᠢ ᠡᠭᠦᠳᠴᠦ᠂ ︽ᠴᠢᠳᠠᠪᠤᠷᠢᠲᠠᠨ ᠦᠯᠡᠳᠡᠭᠡᠬᠦ︾ ᠠᠵᠢᠯ ᠢ ᠰᠠᠶᠢᠲᠤᠷ ᠬᠢᠨ᠎ᠠ᠃ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠢᠭᠡ ᠳᠤ᠂ ︽ᠣᠷᠴᠢᠨ ᠲᠣᠭᠤᠷᠢᠨ ᠢ ᠰᠢᠯᠢᠳᠡᠭᠵᠢᠭᠦᠯᠬᠦ ᠣᠨ︾᠂ ︽ᠰᠢᠨ᠎ᠡ ᠶᠢ ᠡᠭᠦᠳᠴᠦ ᠶᠠᠰᠤ ᠴᠢᠨᠠᠷ ᠢ ᠳᠡᠭᠡᠭᠰᠢᠯᠡᠭᠦᠯᠬᠦ ᠣᠨ︾ ᠢ ᠡᠭᠦᠳᠦᠨ ᠪᠠᠶᠢᠭᠤᠯᠬᠤ ᠠᠵᠢᠯ ᠤᠨ ᠡᠭᠦᠷᠭᠡ ᠶᠢᠨ ᠲᠣᠭᠤᠷᠢᠨ ᠳᠤ᠂ ᠮᠠᠨ ᠤ ᠲᠤᠭᠤᠷᠢᠭ ᠤᠨ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠣᠳᠣᠬᠢ ᠪᠠᠶᠢᠳᠠᠯ ᠪᠠ ᠠᠵᠤ ᠦᠢᠯᠡᠳᠪᠦᠷᠢ   ᠶᠢᠨ ᠠᠵᠤ ᠠᠬᠤᠢ ᠶᠢᠨ ᠬᠥᠭᠵᠢᠯᠲᠡ ᠶᠢᠨ ᠪᠣᠳᠠᠲᠤ ᠬᠡᠷᠡᠭᠴᠡᠭᠡ ᠲᠠᠢ ᠤᠶᠠᠯᠳᠤᠭᠤᠯᠤᠨ᠂ 14 ᠰᠠᠯᠠᠭ᠎ᠠ ᠮᠥᠴᠢᠷ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠠᠵᠤ ᠦᠢᠯᠡᠰ ᠤᠨ ᠠᠵᠢᠯᠴᠢᠳ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠠᠬᠢᠭᠤᠯᠬᠤ ᠬᠤᠷᠠᠯ ᠢ ᠣᠯᠠᠨ ᠤᠳᠠᠭ᠎ᠠ ᠬᠤᠷᠠᠯᠳᠤᠭᠤᠯᠵᠠᠶ᠃ ︽ᠤᠳᠠ ᠲᠣᠭᠤᠷᠢᠭ ᠤᠨ ᠠᠵᠤ ᠦᠢᠯᠡᠰ ᠤᠨ ᠠᠵᠢᠯᠴᠢᠨ ᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠰᠠᠨᠠᠯ︾ ︵ᠲᠤᠷᠰᠢᠨ ᠬᠡᠷᠡᠭᠵᠢᠭᠦᠯᠬᠦ︶ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠣᠷᠣᠨ ᠰᠠᠭᠤᠴᠠ ᠶᠢᠨ ᠨᠥᠬᠦᠪᠥᠷᠢ᠂ ᠦᠷ᠎ᠡ ᠬᠡᠦᠬᠡᠳ ᠤᠨ ᠨᠠᠶᠢᠳᠠᠯᠭ᠎ᠠ ︵ᠰᠤᠷᠭᠠᠭᠤᠯᠢ ᠳᠤ ᠣᠷᠣᠬᠤ︶᠂ ᠡᠷᠦᠬᠡ ᠠᠮᠠ ᠰᠢᠯᠵᠢᠭᠦᠯᠬᠦ᠂ ᠠᠵᠢᠯ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠠᠬᠤᠶᠢᠯᠠᠯ ᠤᠨ ᠠᠵᠤ ᠦᠢᠯᠡᠰ ᠤᠨ ᠴᠢᠳᠠᠪᠤᠷᠢᠲᠠᠨ ᠢ ᠦᠯᠡᠳᠡᠭᠡᠵᠦ ᠠᠪᠬᠤ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠬᠤ ᠬᠡᠷᠡᠭᠲᠡᠶ᠃ ᠬᠤᠶᠠᠷ ᠲᠤ᠂ ︽ᠤᠳᠠ ᠲᠣᠭᠤᠷᠢᠭ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠦᠯ ︵ᠲᠤᠷᠰᠢᠨ ᠬᠡᠷᠡᠭᠵᠢᠭᠦᠯᠬᠦ︶︾ ︽ᠤᠳᠠ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠲᠥᠷᠥ ᠶᠢᠨ ᠪᠣᠳᠣᠯᠭ᠎ᠠ ︵ᠲᠤᠷᠰᠢᠨ ᠬᠡᠷᠡᠭᠵᠢᠭᠦᠯᠬᠦ︶︾ ᠶᠢ ᠲᠣᠭᠲᠠᠭᠠᠨ᠎ᠠ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠰᠢᠨ᠎ᠡ ᠶᠢ ᠡᠭᠦᠳᠬᠦ ᠬᠡᠯᠪᠡᠷᠢ ᠶᠢᠨ ᠴᠢᠳᠠᠪᠤᠷᠢᠲᠠᠨ ᠢ  ᠬᠦᠮᠦᠵᠢᠭᠦᠯᠬᠦ ᠳᠤ ᠲᠤᠰᠬᠠᠶ ᠱᠠᠩᠨᠠᠬᠤ ᠵᠦᠢᠯ ᠵᠤᠷᠪᠤᠰ ᠲᠣᠭᠲᠠᠭᠠᠵᠤ᠂ ᠰᠢᠨᠵᠢᠯᠡᠬᠦ ᠮᠡᠷᠭᠡᠵᠢᠯ ᠤᠨ ᠳᠡᠭᠡᠳᠦ ᠲᠠᠰ ᠤᠨ ᠴᠢᠳᠠᠪᠤᠷᠢᠲᠠᠨ ᠪᠣᠯᠤᠨ ᠪᠦᠯᠬᠦᠮ ᠨᠡᠶᠢᠲᠡ ᠳᠤ ᠬᠠᠮᠤᠭ ᠥᠨᠳᠥᠷ ᠲᠡᠭᠡᠨ 20 ᠲᠦᠮᠡᠨ ᠲᠥᠭᠦᠷᠢᠭ ᠤᠨ ᠱᠠᠩᠨᠠᠯ ᠤᠨ ᠮᠥᠩᠭᠦ ᠬᠠᠩᠭᠠᠵᠦ᠂ ᠠᠵᠤ ᠦᠢᠯᠡᠳᠪᠦᠷᠢ ᠶᠢᠨ ᠠᠵᠤ ᠠᠬᠤᠶ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠵᠡᠶ᠃ ᠠᠵᠤ ᠦᠢᠯᠡᠰ ᠤᠨ ᠠᠵᠢᠯᠴᠢᠨ ᠤ ᠡᠩᠨᠡᠭᠡᠨ ᠤ ᠡᠷᠬᠡ ᠠᠰᠢᠭ ᠢ ᠬᠠᠮᠠᠭᠠᠯᠠᠨ᠎ᠠ᠃ ︽ᠲᠠᠯ᠎ᠠ ᠨᠤᠲᠤᠭ ᠤᠨ ᠴᠢᠳᠠᠪᠤᠷᠢᠲᠠᠨ︾ ᠤ ᠬᠤᠪᠢ ᠬᠥᠮᠦᠨ 3 ᠨᠡᠷ᠎ᠡ᠂ ᠪᠦᠯᠬᠦᠮ ᠨᠡᠶᠢᠲᠡ 4᠂ ᠴᠢᠳᠠᠪᠤᠷᠢᠲᠠᠨ ᠤ ᠲᠦᠷᠦᠯ ᠵᠦᠢᠯ 1 ᠶᠢ ᠰᠣᠩᠭᠤᠨ ᠲᠠᠨᠢᠯᠴᠠᠭᠤᠯᠵᠤ᠂ ᠪᠦᠷᠢᠨ ᠲᠡᠭᠦᠯᠳᠡᠷ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢᠨ ᠰᠢᠰᠲ᠋ᠧᠮ ᠢᠶᠠᠷ ᠳᠠᠮᠵᠢᠭᠤᠯᠤᠨ  ᠴᠢᠳᠠᠪᠦᠷᠢᠲᠠᠨ ᠤ ᠬᠤᠶᠢᠰᠢᠳᠠ ᠶᠢᠨ ᠵᠣᠪᠠᠨᠢᠯ ᠢ ᠰᠢᠢᠳᠪᠦᠷᠢᠯᠡᠵᠦ᠂ ᠴᠢᠳᠠᠪᠤᠷᠢᠲᠠᠨ ᠤ ᠰᠢᠨ᠎ᠡ ᠶᠢ ᠡᠭᠦᠳᠬᠦ ᠢᠳᠡᠪᠬᠢᠵᠢᠯ ᠢ ᠦᠷᠭᠦᠯᠵᠢᠯᠡᠨ ᠬᠥᠭᠵᠢᠭᠡᠵᠦ ᠴᠢᠳᠠᠪᠤᠷᠢᠲᠠᠨ ᠢ ᠬᠦᠲᠦᠯᠦᠨ ᠵᠢᠯᠣᠭᠤᠳᠴᠤ ᠣᠶᠤᠨ ᠤᠬᠠᠭᠠᠨ ᠤ ᠲᠠᠩᠭᠢᠰ ᠪᠣᠯᠭᠠᠨ᠎ᠠ᠃    
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号