ᠤᠳᠠ ᠲᠣᠭᠤᠷᠢᠭ ︽ᠣᠯᠠᠨ ᠤᠯᠤᠰ ᠤᠨ ᠬᠡᠦᠬᠡᠨᠴᠦᠳ ᠤᠨ ᠡᠳᠦᠷ︾ ᠤᠨ ᠡᠷᠡᠭᠦᠯ ᠮᠡᠨᠳᠦ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/10/16
     2020 ᠣᠨ ᠤ 10 ᠰᠠᠷ᠎ᠠ ᠶᠢᠨ 11 ᠤ ᠡᠳᠦᠷ ᠪᠣᠯ ᠶᠢᠰᠦᠳᠦᠭᠡᠷ ︽ᠳᠡᠯᠡᠬᠡᠶ ᠶᠢᠨ ᠬᠡᠦᠬᠡᠨᠴᠦᠳ ᠤᠨ ᠡᠳᠦᠷ︾ ᠪᠣᠯᠤᠨ᠎ᠠ᠂ ᠬᠡᠤᠬᠡᠨᠴᠦᠳ ᠢ ᠬᠠᠯᠠᠮᠵᠢᠯᠠᠨ ᠬᠠᠶᠢᠷᠠᠯᠠᠵᠤ᠂ ᠡᠷᠡᠭᠲᠡᠶ ᠡᠮᠡᠭᠲᠡᠶ ᠡᠷᠬᠡ ᠲᠡᠭᠰᠢ ᠪᠠᠶᠢᠬᠤ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂ ᠤᠳᠠ ᠲᠣᠭᠤᠷᠢᠭ 10 ᠰᠠᠷ᠎ᠠ ᠶᠢᠨ 11 ᠤ ᠡᠳᠦᠷ ︽ᠮᠢᠨᠦ ᠲᠠᠭᠤᠨ᠂ ᠪᠢᠳᠡᠨ ᠤ ᠡᠷᠬᠡ ᠲᠡᠭᠰᠢ ᠢᠷᠡᠭᠡᠳᠦᠶ︾ ᠪᠠᠷ ᠭᠤᠤᠯ ᠰᠡᠳᠦᠪ ᠪᠣᠯᠭᠠᠭᠰᠠᠨ ︽ᠣᠯᠠᠨ ᠤᠯᠤᠰ ᠤᠨ ᠬᠡᠤᠬᠡᠨᠴᠦᠳ ᠤᠨ ᠡᠳᠦᠷ︾ ᠤᠨ ᠡᠷᠡᠭᠦᠯ ᠮᠡᠨᠳᠦ ᠶᠢᠨ ᠲᠠᠶᠢᠯᠤᠮᠵᠢ ᠶᠢ ᠤᠬᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠠᠵᠢᠯᠯᠠᠭᠠᠨ ᠤ ᠳᠤᠮᠳᠠ ᠠᠵᠢᠯᠲᠠᠳ ᠣᠯᠠᠨ ᠳᠤ ᠣᠯᠠᠨ ᠤᠯᠤᠰ ᠤᠨ ᠬᠡᠤᠬᠡᠨᠴᠦᠳ ᠤᠨ ᠡᠳᠦᠷ ᠤᠨ ᠢᠷᠡᠯᠲᠡ ᠶᠢ ᠲᠠᠶᠢᠯᠪᠤᠷᠢᠯᠠᠵᠤ᠂ ᠬᠡᠦᠬᠡᠨᠴᠦᠳ ᠤᠨ ᠡᠷᠬᠡ ᠠᠰᠢᠭ ᠢ ᠬᠠᠮᠠᠭᠠᠯᠠᠬᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠠᠢ᠃ ᠪᠠᠰᠠ ᠲᠥᠯᠥᠪᠯᠡᠭᠡᠲᠦ ᠦᠷᠡᠵᠢᠯ ᠤᠨ ᠬᠠᠤᠯᠢ ᠲᠣᠭᠲᠠᠭᠠᠯ᠂ ᠴᠢᠭᠢᠷᠠᠭ ᠲᠥᠷᠥᠵᠦ ᠲᠣᠷᠨᠢᠭᠤᠨ ᠥᠰᠬᠡᠬᠦ᠂ ᠵᠢᠷᠮᠦᠰᠦᠯᠡᠬᠦ ᠶᠢ ᠬᠤᠷᠢᠭᠯᠠᠵᠤ ᠦᠷᠡᠵᠢᠬᠦ ᠶᠢ ᠬᠢᠵᠠᠭᠠᠷᠯᠠᠬᠤ᠂ ᠬᠡᠦᠬᠡᠨ ᠢ ᠬᠠᠶᠢᠷᠠᠯᠠᠨ ᠬᠠᠯᠠᠮᠵᠢᠯᠠᠬᠤ᠂ ︽ᠬᠤᠶᠠᠷ ᠪᠤᠰᠤ︾ ᠪᠠᠶᠢᠬᠤ ᠶᠢ ᠴᠠᠭᠠᠵᠠᠯᠠᠬᠤ ᠵᠡᠷᠭᠡ ᠲᠠᠯ᠎ᠠ ᠪᠠᠷ ᠤᠬᠠᠭᠤᠯᠭ᠎ᠠ ᠬᠢᠵᠡᠶ᠃ ᠰᠠᠭᠤᠭᠠᠯᠢ ᠠᠷᠠᠳ ᠣᠯᠠᠨ ᠤ ᠡᠮᠡᠭᠲᠡᠶᠢᠴᠦᠳ᠂ ᠬᠡᠤᠬᠡᠳ ᠢ ᠬᠦᠴᠦᠷᠬᠡᠭᠯᠡᠯ ᠢᠶᠠᠷ ᠬᠥᠨᠥᠭᠡᠬᠦ ᠦᠢᠯᠡ ᠠᠵᠢᠯᠯᠠᠭ᠎ᠠ ᠶᠢᠨ ᠬᠤᠤᠷ ᠬᠥᠨᠥᠭᠡᠯᠲᠦ ᠴᠢᠨᠠᠷ ᠤᠨ ᠲᠤᠬᠠᠶ ᠲᠠᠨᠢᠯᠲᠠ ᠶᠢ ᠦᠨᠡᠨᠬᠦ ᠳᠡᠭᠡᠭᠰᠢᠯᠡᠭᠦᠯᠵᠡᠶ᠃ ᠴᠢᠭᠢᠷᠠᠭ ᠲᠥᠷᠥᠭᠦᠯᠵᠦ ᠲᠣᠷᠨᠢᠭᠤᠨ ᠥᠰᠬᠡᠬᠦ᠂ ᠡᠷᠡᠭᠲᠡᠶ ᠡᠮᠡᠭᠲᠡᠶ ᠡᠷᠬᠡ ᠲᠡᠭᠰᠢ ᠪᠠᠶᠢᠬᠤ ᠵᠡᠷᠭᠡ ᠰᠢᠨᠵᠢᠯᠡᠬᠦ ᠤᠬᠠᠭᠠᠨᠴᠢ᠂ ᠪᠣᠯᠪᠠᠰᠤᠨ᠂ ᠳᠠᠪᠰᠢᠭᠰᠠᠨ ᠤᠷᠤᠭᠯᠠᠵᠤ ᠬᠡᠤᠬᠡᠳ ᠠᠪᠬᠤ ᠦᠵᠡᠯᠲᠡ ᠶᠡᠬᠡᠪᠡᠷ ᠤᠬᠠᠭᠤᠯᠤᠨ ᠦᠢᠯᠡᠳᠦᠯᠭᠡᠵᠢᠭᠦᠯᠵᠦ᠂ ᠬᠡᠦᠬᠡᠨ ᠢ ᠬᠠᠪᠰᠤᠷᠴᠤ ᠡᠷᠡᠭᠦᠯ ᠴᠢᠭᠢᠷᠠᠭ ᠪᠠᠶᠠᠷ ᠪᠠᠶᠠᠰᠬᠤᠯᠠᠩ ᠲᠠᠢ ᠪᠠᠷ ᠦᠰᠦᠨ ᠪᠤᠶᠢᠵᠢᠭᠤᠯᠤᠨ᠎ᠠ᠃    
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号