ᠤᠳᠠ ᠲᠣᠭᠤᠷᠢᠭ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ︽ᠬᠠᠯᠠᠮᠵᠢ ᠶᠢᠨ ᠨᠠᠰᠤᠲᠠᠶᠢᠴᠣᠣᠯ ᠤᠨ ᠨᠡᠶᠢᠲᠡ ᠶᠢᠨ ᠪᠠᠶᠢᠷᠢ︾ ᠳᠤ ᠮᠥᠩᠭᠦᠨ ᠭᠦᠢᠯᠭᠡᠭᠡᠨ ᠤ ᠬᠦᠷᠢᠶᠡᠨ ᠳᠠᠬᠢ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/10/16
     ᠣᠶᠢᠷ᠎ᠠ ᠳᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠦᠷᠢᠶᠡᠨ ᠳᠠᠬᠢ ᠬᠠᠤᠯᠢ ᠪᠤᠰᠤ ᠪᠠᠷ ᠪᠡᠯᠡ  ᠴᠤᠭᠯᠠᠭᠤᠯᠬᠤ ᠲᠦᠭᠰᠢᠭᠦᠷᠢ ᠶᠢᠨ ᠳᠠᠯᠳᠠ ᠭᠡᠮ ᠢ ᠪᠦᠲᠦᠮᠵᠢᠲᠡᠶ ᠰᠡᠷᠭᠡᠶᠢᠯᠡᠨ ᠠᠷᠢᠯᠭᠠᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ  ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠦᠯᠦᠭᠡ᠂ ᠤᠳᠠ ᠲᠣᠭᠤᠷᠢᠭ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ︽ᠬᠠᠯᠠᠮᠵᠢ ᠶᠢᠨ ᠨᠠᠰᠤᠲᠠᠶᠢᠴᠤᠳ ᠤᠨ ᠨᠡᠶᠢᠲᠡ ᠶᠢᠨ ᠪᠠᠶᠢᠷᠢ︾ ᠳᠤ ᠮᠥᠩᠭᠦᠨ ᠭᠦᠢᠯᠭᠡᠭᠡᠨ ᠤ ᠬᠦᠷᠢᠶᠡᠨ ᠳᠠᠬᠢ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭᠠᠨ ᠤ ᠳᠤᠮᠳᠠ ᠠᠵᠢᠯᠲᠠᠳ ᠲᠤᠬᠠᠶ ᠶᠢᠨ ᠲᠠᠯᠠᠪᠠᠶ ᠳᠤ ᠣᠯᠠᠨ ᠳᠤ ᠠᠷᠭ᠎ᠠ ᠵᠠᠮ ᠢᠶᠠᠷ ᠵᠢᠭᠡᠯᠡᠯᠭᠡ ᠠᠪᠬᠤ ᠪᠠ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠢᠯᠭᠠᠨ ᠲᠠᠨᠢᠬᠤ ᠪᠠ ᠰᠡᠷᠭᠡᠶᠢᠯᠡᠬᠦ᠂ ᠵᠢᠭᠡᠯᠡᠯᠭᠡ ᠶᠢᠨ ᠲᠥᠷᠥ ᠶᠢᠨ ᠪᠤᠳᠤᠯᠭ᠎ᠠ᠂ ᠵᠢᠭᠡᠯᠡᠯᠭᠡ ᠭᠤᠶᠤᠴᠢᠯᠠᠬᠤ ᠶᠠᠪᠤᠴᠠ ᠵᠡᠷᠭᠡ ᠠᠭᠤᠯᠭ᠎ᠠ ᠶᠢ ᠲᠠᠶᠢᠯᠪᠤᠷᠢᠯᠠᠵᠠᠶ᠃ ᠪᠠᠰᠠ ᠨᠡᠶᠢᠲᠡ ᠶᠢᠨ ᠪᠠᠶᠢᠷᠢ ᠶᠢᠨ ᠨᠠᠰᠤᠲᠠᠶᠢᠴᠤᠳ ᠲᠤ ᠮᠥᠩᠭᠦᠨ ᠭᠦᠢᠯᠭᠡᠭᠡᠨ ᠤ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠠᠭᠤᠳᠠᠰᠤ ᠶᠢ 100 ᠭᠠᠷᠤᠶ ᠬᠤᠪᠢ ᠲᠠᠷᠬᠠᠭᠠᠪᠠ᠃      ᠡᠨᠡ ᠤᠳᠠᠭᠠᠨ ᠤ ᠠᠵᠢᠯᠯᠠᠭ᠎ᠠ ᠳᠤ᠂ ᠨᠠᠰᠤᠲᠠᠶᠢᠴᠤᠳ ᠤᠨ ᠮᠥᠩᠭᠦᠨ ᠭᠦᠢᠯᠭᠡᠭᠡᠨ ᠤ ᠮᠡᠳᠡᠯᠭᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠨᠠᠰᠤᠲᠠᠶᠢᠴᠤᠳ ᠤᠨ ᠬᠠᠤᠯᠢ ᠪᠤᠰᠤ ᠪᠠᠷ ᠪᠠᠯᠠ ᠴᠤᠭᠯᠠᠭᠤᠯᠬᠤ ᠦᠢᠯᠡ ᠠᠵᠢᠯᠯᠠᠭ᠎ᠠ ᠶᠢ ᠪᠦᠲᠦᠮᠵᠢᠲᠡᠶ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠢᠯᠠᠯᠲᠠ ᠶᠢ ᠬᠠᠮᠲᠤ ᠪᠠᠷ ᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃    
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号