ᠤᠳᠠ ᠲᠣᠭᠤᠷᠢᠭ 2020 ᠣᠨ ᠤ ᠶᠠᠳᠠᠭᠤ ᠬᠦᠴᠢᠷᠳᠡᠯᠲᠡᠶ ᠲᠡᠳᠬᠦᠭᠦᠯᠬᠦ ᠡᠲᠡᠭᠡᠳ ᠤᠨ ᠬᠥᠳᠡᠯᠦᠩᠭᠦᠶ ᠬᠠᠮᠢᠶᠠᠷᠤᠯᠲᠠ ᠪᠠ ᠮᠡᠳᠡᠭᠡ ᠵᠠᠩᠭᠢ ᠴᠤᠭᠯᠠᠭᠤᠯᠬᠤ ᠠᠵᠢᠯ ᠢ ᠯᠠᠪᠳᠠᠭᠤᠨ ᠢᠶᠠᠷ ᠠᠬᠢᠭᠤᠯᠪᠠ
ᠨᠡᠶᠢᠲᠡᠯᠡᠭᠰᠡᠨ ᠴᠠᠭ᠄
2020/10/16
     ᠣᠶᠢᠷ᠎ᠠ ᠶᠢᠨ ᠬᠤᠭᠤᠴᠠᠭᠠᠨ ᠳᠤ᠂ ᠤᠳᠠ ᠲᠣᠭᠤᠷᠢᠭ ᠶᠠᠳᠠᠭᠤ ᠬᠦᠴᠢᠷᠳᠡᠯᠲᠡᠶ ᠲᠡᠳᠬᠦᠭᠦᠯᠬᠦ ᠡᠲᠡᠭᠡᠳ ᠢ ᠡᠷᠦᠬᠡ ᠳᠤ ᠣᠷᠣᠵᠦ᠂ ᠰᠤᠷᠪᠤᠯᠵᠢᠯᠠᠨ ᠴᠤᠭᠯᠠᠭᠤᠯᠬᠤ ᠠᠵᠢᠯ ᠢ ᠪᠦᠬᠦ ᠲᠠᠯ᠎ᠠ ᠪᠠᠷ ᠥᠷᠨᠢᠭᠦᠯᠪᠡ᠃ ᠦᠨᠳᠦᠰᠦᠨ ᠱᠠᠲᠤᠨ ᠤ ᠶᠠᠳᠠᠭᠤ ᠶᠢ ᠲᠡᠳᠬᠦᠬᠦ 22 ᠺᠠᠳ᠋ᠷ ᠢ ᠳᠠᠶᠢᠴᠢᠯᠠᠨ 10 ᠡᠳᠦᠷ ᠤᠨ ᠬᠤᠭᠤᠴᠠᠭ᠎ᠠ ᠶᠢ ᠠᠰᠢᠭᠯᠠᠵᠠᠢ᠃ ᠶᠠᠳᠠᠭᠤ ᠬᠦᠴᠢᠷᠳᠡᠯᠲᠡᠶ ᠲᠡᠳᠬᠦᠭᠦᠯᠬᠦ ᠡᠲᠡᠭᠡᠳ᠂ ᠬᠢᠨᠠᠨ ᠬᠡᠮᠵᠢᠬᠦ ᠡᠲᠡᠭᠡᠳ ᠲᠤ ᠬᠥᠳᠡᠯᠦᠩᠭᠦᠶ ᠲᠣᠬᠢᠷᠠᠭᠤᠯᠤᠯᠲᠠ ᠬᠢᠵᠦ᠂ ᠰᠢᠨᠡᠳᠬᠡᠵᠦ ᠬᠤᠪᠢᠷᠠᠭᠤᠯᠤᠭᠰᠠᠨ ᠲᠤᠭ᠎ᠠ ᠪᠠᠷᠢᠮᠲᠠ ᠶᠢ ᠬᠢᠨᠠᠮᠠᠭᠠᠶ ᠴᠤᠭᠯᠠᠭᠤᠯᠵᠤ᠂ ᠡᠭᠦᠨ ᠤ ᠬᠠᠮᠲᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠮᠡᠳᠡᠭᠡ ᠵᠠᠩᠭᠢ ᠶᠢᠨ ᠰᠢᠰᠲ᠋ᠧᠮ ᠳᠤ ᠥᠩᠭᠡᠷᠡᠭᠰᠡᠨ ᠵᠢᠯ ᠤᠳ ᠤᠨ ︽ᠶᠠᠳᠠᠭᠤ ᠠᠴᠠ ᠠᠩᠭᠢᠵᠢᠷᠠᠭᠤᠯᠬᠤ ᠳᠤ ᠲᠥᠷᠥ ᠶᠢᠨ ᠪᠣᠳᠣᠯᠭ᠎ᠠ ᠶᠢ ᠥᠯᠥ ᠭᠥᠷᠳᠡᠬᠦ︾ ᠭᠡᠵᠦ ᠬᠠᠳᠠᠭᠰᠠᠨ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠪᠠᠶᠢᠳᠠᠯ ᠢ ᠳᠠᠬᠢᠨ ᠬᠢᠨᠠᠨ ᠬᠠᠷᠭᠤᠭᠤᠯᠪᠠ᠃ ᠣᠳᠣ ᠪᠣᠯᠲᠠᠯ᠎ᠠ᠂ ᠨᠢᠭᠡᠨᠲᠡ 122 ᠡᠷᠦᠬᠡ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠶᠢᠨ ᠡᠷᠦᠬᠡ ᠳᠤ ᠬᠦᠷᠴᠦ  ᠴᠤᠭᠯᠠᠭᠤᠯᠤᠨ ᠬᠢᠨᠠᠨ ᠬᠠᠷᠭᠤᠭᠤᠯᠬᠤ ᠠᠵᠢᠯ ᠢ ᠪᠡᠶᠡᠯᠡᠭᠦᠯᠦᠭᠰᠡᠨ ᠪᠥᠭᠡᠳ ᠬᠠᠷᠢᠶᠠᠲᠤ ᠣᠷᠣᠨ ᠤ ᠳᠣᠲᠣᠷᠠᠬᠢ ᠶᠠᠳᠠᠭᠤ ᠶᠢ ᠲᠡᠳᠬᠦᠬᠦ ᠡᠲᠡᠭᠡᠳ ᠤᠨ ᠬᠥᠳᠡᠯᠦᠩᠭᠦᠶ ᠬᠠᠮᠢᠶᠠᠷᠤᠯᠲᠠ ᠪᠠ ᠮᠡᠳᠡᠭᠡ ᠵᠠᠩᠭᠢ ᠴᠤᠭᠯᠠᠭᠤᠯᠤᠭᠰᠠᠨ ᠪᠠᠶᠢᠳᠠᠯ ᠳᠤ ᠨᠡᠶᠢᠭᠡᠮ ᠲᠣᠭᠤᠷᠢᠭ ᠤᠨ ᠠᠷᠠᠳᠴᠢᠯᠠᠯ ᠢᠶᠠᠷ ᠦᠨᠡᠯᠡᠯᠲᠡ ᠬᠢᠵᠦ᠂ ᠣᠳᠣ ᠶᠠᠭ ᠪᠠᠯᠭᠠᠰᠤ ︵ᠵᠡᠭᠡᠯᠢ ᠭᠤᠳᠤᠮᠵᠢ︶ ᠶᠢᠨ ᠬᠢᠨᠠᠨ ᠬᠠᠷᠭᠤᠭᠤᠯᠬᠤ ᠱᠠᠲᠤᠨ ᠳᠤ ᠪᠤᠶ᠃ ᠳᠠᠷᠠᠭ᠎ᠠ ᠠᠯᠬᠤᠮ ᠳᠤ᠂ ᠤᠳᠠ ᠲᠣᠭᠤᠷᠢᠭ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠤᠯᠠᠮ ᠨᠢᠭᠡ ᠠᠯᠬᠤᠮ ᠴᠢᠩᠭᠠᠳᠬᠠᠵᠦ᠂ ᠭᠤᠤᠯᠳᠠᠯᠭ᠎ᠠ ᠲᠠᠢ ᠠᠵᠢᠯ ᠤᠨ ᠠᠭᠤᠯᠭ᠎ᠠ ᠶᠢ ᠴᠢᠩᠭ᠎ᠠ ᠠᠳᠬᠤᠵᠤ᠂ ᠪᠠᠷᠢᠮᠵᠢᠶ᠎ᠠ ᠪᠠ ᠳᠡᠰ ᠳᠠᠷᠠᠭᠠᠯᠠᠯ ᠢ ᠦᠨᠡᠨᠬᠦ ᠡᠵᠡᠮᠳᠡᠵᠦ᠂ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠬᠥᠳᠡᠯᠦᠩᠭᠦᠶ ᠬᠠᠮᠢᠶᠠᠷᠤᠯᠲᠠ ᠪᠠ ᠮᠡᠳᠡᠭᠡ ᠵᠠᠩᠭᠢ ᠴᠤᠭᠯᠠᠭᠤᠯᠬᠤ ᠠᠵᠢᠯ ᠢ ᠪᠡᠶᠡᠯᠡᠭᠦᠯᠬᠦ ᠶᠢ ᠦᠨᠡᠨᠬᠦ ᠪᠠᠲᠤᠯᠠᠪᠠ᠃    
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号