ᠤᠶᠢᠷ᠎ᠠ ᠶᠢᠨ ᠬᠤᠭᠤᠴᠠᠭᠠᠨ ᠳᠤ᠂ ᠤᠳᠠ ᠲᠣᠭᠤᠷᠢᠭ ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ | ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ | ᠪᠠᠶᠢᠭᠤᠯᠵᠤ᠂ ᠢᠳᠡᠰᠢᠨ ᠳᠠᠪᠤᠰᠤᠨ ᠤ ᠵᠠᠬ᠎ᠠ ᠳᠡᠯᠭᠡᠭᠦᠷ ᠲᠤ ᠬᠠᠮᠲᠤᠷᠠᠭᠰᠠᠨ ᠪᠠᠶᠢᠴᠠᠭᠠᠯᠲᠠ ᠬᠢᠪᠡ᠃ ᠡᠯ᠎ᠡ | ᠵᠢᠵᠢᠭᠯᠡᠨ ᠬᠤᠳᠠᠯᠳᠤᠬᠤ ᠬᠤᠳᠠᠯᠳᠤᠭᠠᠴᠢᠨ ᠤ ᠬᠤᠳᠠᠯᠳᠤᠨ ᠠᠪᠤᠭᠰᠠᠨ ᠳᠠᠪᠤᠰᠤᠨ ᠤ ᠪᠦᠲᠦᠭᠡᠭᠳᠡᠬᠦᠨ ᠨᠢ ᠬᠠᠤᠯᠢ | ᠳᠤ ᠨᠡᠶᠢᠴᠡᠬᠦ ᠡᠰᠡᠬᠦ᠂ ᠭᠠᠷ ᠭᠦᠢᠴᠡᠳᠭᠡᠯ ᠨᠢ ᠪᠦᠷᠢᠨ ᠭᠦᠢᠴᠡᠳ ᠡᠰᠡᠬᠦ᠂ ᠦᠢᠯᠡᠳᠭᠦᠨ ᠨᠢ ᠬᠢᠷᠢ ᠲᠡᠩᠴᠡᠭᠰᠡᠨ | ᠡᠰᠡᠬᠦ᠂ ᠪᠥᠭᠡᠮ ᠢᠶᠠᠷ ᠬᠤᠳᠠᠯᠳᠤᠬᠤ ᠢᠳᠡᠰᠢᠨ ᠤ ᠳᠠᠪᠤᠰᠤ ᠶᠢ ᠪᠥᠭᠡᠮ ᠢᠶᠠᠷ ᠬᠤᠳᠠᠯᠳᠤᠬᠤ ᠭᠠᠷᠳᠠᠮ ᠪᠠᠶᠢᠬᠤ ᠡᠰᠡᠬᠦ | ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠠᠷ ᠭᠦᠨᠵᠡᠭᠡᠶ ᠪᠥᠭᠡᠳ ᠨᠠᠷᠢᠨ ᠨᠢᠮᠪᠠᠶ ᠪᠠᠶᠢᠴᠠᠭᠠᠪᠠ᠃ ᠬᠠᠤᠯᠢ ᠬᠡᠷᠡᠭᠵᠢᠭᠦᠯᠬᠦ | ᠠᠵᠢᠯᠲᠠᠨ ᠨᠡᠶᠢᠲᠡ 19 ᠬᠥᠮᠦᠨ ᠤᠳᠠᠭ᠎ᠠ᠂ ᠬᠠᠤᠯᠢ ᠬᠡᠷᠡᠭᠵᠢᠭᠦᠯᠬᠦ ᠲᠡᠷᠭᠡ ᠬᠥᠰᠬᠡ ᠶᠢ 5 ᠤᠳᠠᠭ᠎ᠠ ᠬᠥᠳᠡᠯᠭᠡᠵᠦ᠂ | ᠢᠳᠡᠰᠢᠨ ᠳᠠᠪᠤᠰᠤᠨ ᠤ ᠡᠵᠡᠩᠨᠡᠯᠲᠡ ᠶᠢᠨ ᠲᠤᠤᠷ ᠴᠡᠭ ᠢ 11᠂ ᠲᠣᠮᠣ ᠬᠡᠯᠪᠡᠷᠢ ᠶᠢᠨ ᠬᠤᠳᠠᠯᠳᠤᠭᠠᠴᠢᠨ ᠢ 4᠂ | ᠢᠳᠡᠭᠡᠨ ᠤᠮᠳᠠᠭᠠᠨ ᠤ ᠨᠢᠭᠡᠴᠡ ᠶᠢ 5 ᠪᠠᠶᠢᠴᠠᠭᠠᠪᠠ᠃ ᠨᠢᠭᠡ ᠢᠳᠡᠰᠢᠨ ᠳᠠᠪᠤᠰᠤ ᠪᠣᠷᠣᠯᠠᠭᠤᠯᠬᠤ ᠲᠣᠤᠷ ᠴᠡᠭ ᠨᠢ | ᠢᠳᠡᠰᠢᠨ ᠳᠠᠪᠤᠰᠤ ᠬᠤᠳᠠᠯᠳᠤᠨ ᠠᠪᠤᠭᠠᠳ ᠭᠡᠷᠡᠴᠢ ᠪᠠᠷᠢᠮᠲᠠ ᠠᠪᠤᠭᠰᠠᠨ ᠥᠬᠡᠶ ᠪᠠᠶᠢᠬᠤ ᠶᠢ ᠣᠯᠵᠤ ᠮᠡᠳᠡᠭᠡᠳ᠂ | ᠨᠢᠭᠡᠨᠲᠡ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠪᠠ᠃ ᠲᠣᠰ ᠤᠳᠠᠭᠠᠨ ᠤ | ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠨᠢ ᠢᠳᠡᠰᠢᠨ ᠤ ᠳᠠᠪᠤᠰᠤ ᠡᠵᠡᠩᠨᠡᠭᠴᠢ ᠶᠢᠨ | ᠡᠵᠡᠩᠨᠡᠯᠲᠡ ᠶᠢᠨ ᠠᠵᠢᠯᠯᠠᠭ᠎ᠠ ᠶᠢ ᠴᠢᠩᠭ᠎ᠠ ᠵᠢᠷᠤᠮᠵᠢᠭᠤᠯᠤᠭᠰᠠᠨ ᠤ ᠬᠠᠮᠲᠤ ᠥᠷᠭᠡᠨ ᠣᠯᠠᠨ ᠬᠡᠷᠡᠭᠯᠡᠭᠴᠢᠳ ᠲᠤ ᠬᠢᠷᠢ | ᠲᠡᠩᠴᠡᠭᠰᠡᠨ ᠢᠣᠳ᠋ ᠳᠠᠪᠤᠰᠤ ᠶᠢᠨ ᠴᠢᠬᠤᠯᠠ ᠴᠢᠨᠠᠷ ᠢ ᠲᠠᠨᠢᠭᠤᠯᠤᠭᠰᠠᠨ ᠪᠠᠶᠢᠨ᠎ᠠ᠃ | |