︽ᠨᠡᠶᠢᠭᠡᠮ ᠲᠣᠭᠤᠷᠢᠭ ᠤᠨ ᠵᠠᠰᠠᠮᠵᠢᠯᠠᠬᠤ ᠬᠠᠤᠯᠢ︾ ᠶᠢ ᠲᠤᠤᠱᠯᠠᠭᠤᠯᠤᠨ ᠨᠠᠶᠢᠳᠠᠪᠦᠷᠢᠵᠢᠭᠤᠯᠵᠦ᠂ ᠨᠡᠶᠢᠭᠡᠮ | ᠲᠣᠭᠤᠷᠢᠭ ᠤᠨ ᠵᠠᠰᠠᠨ ᠵᠠᠯᠠᠷᠠᠭᠤᠯᠬᠤ ᠡᠲᠡᠭᠡᠳ ᠲᠤ ᠶᠠᠪᠤᠭᠤᠯᠬᠤ ᠬᠢᠨᠠᠯᠲᠠ ᠬᠠᠮᠢᠶᠠᠷᠤᠯᠲᠠ ᠪᠠᠨ ᠤᠯᠠᠮ ᠨᠢᠭᠡ | ᠠᠯᠬᠤᠮ ᠴᠢᠩᠭᠠᠳᠬᠠᠬᠤ ᠶᠢᠨ ᠲᠦᠯᠦᠭᠡ᠂ 10 ᠰᠠᠷ᠎ᠠ ᠶᠢᠨ 20 ᠤ ᠡᠳᠦᠷ᠂ ᠯᠢᠶᠠᠩ ᠵᠢᠶᠠ ᠭᠸᠦ ᠬᠠᠤᠯᠢ | ᠴᠠᠭᠠᠵᠠ ᠶᠢᠨ ᠭᠠᠵᠠᠷ ᠨᠡᠶᠢᠭᠡᠮ ᠲᠣᠭᠤᠷᠢᠭ ᠤᠨ 13 ᠵᠠᠰᠠᠮᠵᠢᠯᠠᠬᠤ ᠡᠲᠡᠭᠡᠳ ᠢ ᠵᠤᠬᠢᠶᠠᠨ ᠪᠠᠶᠢᠭᠤᠯᠵᠤ ᠯᠢᠶᠠᠩ | ᠵᠢᠶᠠ ᠭᠧᠦ ᠠᠯᠪᠠᠨ ᠬᠡᠷ ᠤᠨ ᠬᠤᠷᠠᠯ ᠤᠨ ᠬᠡᠷ ᠲᠤ ︽ᠨᠡᠶᠢᠭᠡᠮ ᠲᠣᠭᠤᠷᠢᠭ ᠤᠨ ᠵᠠᠰᠠᠮᠵᠢᠯᠠᠬᠤ ᠬᠠᠤᠯᠢ︾ ᠶᠢᠨ | ᠲᠤᠰᠬᠠᠶ ᠰᠡᠳᠦᠪᠲᠦ ᠰᠤᠷᠤᠯᠴᠠᠯᠭ᠎ᠠ ᠶᠢ ᠥᠷᠨᠢᠭᠦᠯᠪᠡ᠃ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠳᠡᠭᠡᠷ᠎ᠡ᠂ | ᠠᠵᠢᠯᠲᠠᠳ ᠡᠩ ᠲᠡᠷᠢᠭᠦᠨ ᠳᠤ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠬᠤ ᠡᠲᠡᠭᠡᠳ ᠵᠠᠩ ᡁᠢ ᠵᠢᠶᠦ᠋ᠨ ᠤ | ᠬᠢᠵᠢᠭ ᠤᠨ ᠬᠤᠭᠤᠴᠠᠭᠠᠨ ᠳᠠᠬᠢ ᠬᠤᠪᠢ ᠨᠡᠮᠡᠷᠢ ᠶᠢ ᠪᠢᠴᠢᠭ ᠤᠨ ᠬᠡᠯᠪᠡᠷᠢ ᠪᠠᠷ ᠮᠠᠭᠲᠠᠨ ᠰᠠᠶᠢᠰᠢᠶᠠᠬᠤ | ᠲᠣᠭᠲᠠᠭᠠᠯ ᠤᠨ ᠪᠢᠴᠢᠭ ᠢ ᠤᠩᠰᠢᠨ ᠨᠡᠶᠢᠲᠡᠯᠡᠵᠦ᠂ ᠳᠠᠷᠠᠭ᠎ᠠ ᠳᠤᠨᠢ ︽ᠨᠡᠶᠢᠭᠡᠮ ᠲᠣᠭᠤᠷᠢᠭ ᠤᠨ ᠵᠠᠰᠠᠨ | ᠵᠠᠰᠠᠮᠵᠢᠯᠠᠬᠤ ᠬᠠᠤᠯᠢ︾ ᠳᠣᠲᠣᠷᠠᠬᠢ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠬᠤ ᠬᠠᠷᠠᠯᠲᠠ ᠪᠠ ᠠᠵᠢᠯ ᠤᠨ | ᠵᠠᠷᠴᠢᠮ ᠵᠢᠴᠢ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠤᠨ ᠡᠳ᠋ᠯᠡᠬᠦ ᠡᠷᠬᠡ᠂ ᠭᠦᠢᠴᠡᠳᠭᠡᠬᠦ ᠡᠭᠦᠷᠭᠡ᠂ | ᠵᠢᠷᠦᠮᠯᠠᠬᠦ ᠶᠣᠰᠣᠲᠠᠶ ᠲᠣᠭᠲᠠᠭᠠᠯ ᠵᠡᠷᠭᠡ ᠶᠢ ᠭᠤᠤᠯᠳᠠᠯᠭ᠎ᠠ ᠲᠠᠢ ᠲᠠᠶᠢᠯᠪᠦᠷᠢᠯᠠᠭᠰᠠᠨ ᠪᠠᠶᠢᠨ᠎ᠠ᠃ ᠡᠭᠦᠨ ᠤ ᠬᠠᠮᠲᠤ | ᠣᠳᠣᠬᠠᠨ ᠤ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠵᠢᠭᠠᠨ ᠭᠠᠷᠭᠠᠵᠤ᠂ | ᠵᠠᠯᠠᠷᠠᠭᠤᠯᠬᠤ ᠡᠲᠡᠭᠡᠳ ᠨᠢ ᠵᠠᠪᠠᠯ ᠬᠠᠤᠯᠢ ᠴᠠᠭᠠᠵᠠ ᠶᠢᠨ ᠬᠡᠪ ᠪᠣᠯᠪᠠᠰᠤᠷᠠᠯ ᠢ ᠴᠢᠩᠭᠠᠳᠬᠠᠵᠤ᠂ ᠡᠷᠡᠭᠦᠦ ᠰᠢᠢᠳᠭᠡᠯ | ᠭᠦᠢᠴᠡᠳᠭᠡᠭᠦ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠡᠯ᠎ᠡ ᠵᠦᠢᠯ ᠤᠨ ᠲᠣᠭᠲᠠᠭᠠᠯ ᠢ ᠴᠢᠩᠭ᠎ᠠ ᠵᠢᠷᠤᠮᠯᠠᠨ᠂ | ᠤᠬᠠᠮᠰᠠᠷ ᠠᠴᠠ ᠪᠠᠨ ᠰᠤᠷᠭᠠᠨ ᠬᠥᠮᠦᠵᠢᠭᠦᠯᠵᠦ ᠥᠭᠡᠷᠡᠴᠢᠯᠡᠬᠦ ᠶᠢ ᠬᠦᠯᠢᠶᠡᠬᠦ ᠬᠡᠷᠡᠭᠲᠡᠶ᠃ | | | |