ᠪᠢᠨ ᠬᠠᠶ ᠵᠡᠭᠡᠯᠢ ᠭᠤᠳᠤᠮᠵᠢ ᠶᠢᠨ ᠪᠢᠨ ᠬᠠᠶ ᠨᠡᠶᠢᠭᠡᠮ ᠲᠣᠭᠤᠷᠢᠭ ︽ᠦᠨᠡᠨᠴᠢ ᠰᠢᠳᠤᠷᠭᠤ · ᠡᠭᠦᠷᠭᠡ ᠬᠠᠷᠢᠭᠤᠴᠠᠯᠭ᠎ᠠ︾ ᠶᠢᠨ ᠨᠢᠭᠤᠴᠠ ᠶᠢ ᠬᠠᠮᠠᠭᠠᠯᠠᠬᠤ ᠬᠠᠤᠯᠢ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/10/22
     ᠨᠢᠭᠤᠴᠠ ᠶᠢ ᠬᠠᠮᠠᠭᠠᠯᠠᠬᠤ ᠤᠬᠠᠭᠤᠯᠭ᠎ᠠ ᠬᠥᠮᠦᠵᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠣᠯᠠᠨ ᠤ ᠨᠢᠭᠤᠴᠠ ᠶᠢ ᠬᠠᠮᠠᠭᠠᠯᠠᠬᠤ ᠤᠬᠠᠮᠰᠠᠷ ᠢ ᠴᠢᠩᠭᠠᠳᠬᠠᠵᠦ᠂ ᠰᠠᠭᠤᠭᠠᠯᠢ ᠠᠷᠠᠳ ᠤᠨ ᠳᠤᠮᠳᠠ ᠬᠠᠤᠯᠢ ᠶᠢ ᠮᠡᠳᠡᠬᠦ᠂ ᠬᠠᠤᠯᠢ ᠶᠢ ᠣᠶᠢᠯᠭᠠᠬᠤ᠂ ᠬᠠᠤᠯᠢ ᠶᠢ ᠰᠠᠬᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠦᠯᠦᠭᠡ᠂ 10 ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ ᠪᠢᠨ ᠬᠠᠶ ᠨᠡᠶᠢᠭᠡᠮ ᠲᠣᠭᠤᠷᠢᠭ ᠲᠤ ︽ᠦᠨᠡᠨᠴᠢ ᠰᠢᠳᠤᠷᠭᠤ · ᠡᠭᠦᠷᠭᠡ ᠬᠠᠷᠢᠭᠤᠴᠠᠯᠭ᠎ᠠ︾ ᠭᠤᠤᠯ ᠰᠡᠳᠦᠪᠲᠦ ᠨᠢᠭᠤᠴᠠ ᠶᠢ ᠬᠠᠮᠠᠭᠠᠯᠠᠬᠤ ᠬᠠᠤᠯᠢ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ᠃      ᠠᠵᠢᠯᠯᠠᠭᠠᠨ ᠤ ᠳᠤᠮᠳᠠ ᠨᠡᠶᠢᠭᠡᠮ ᠲᠣᠭᠤᠷᠢᠭ ᠤᠨ ᠠᠵᠢᠯᠲᠠᠨ ᠰᠠᠭᠤᠭᠠᠯᠢ ᠠᠷᠠᠳ ᠣᠯᠠᠨ ᠲᠦᠮᠡᠨ ᠳᠤ ︽ᠨᠢᠭᠤᠴᠠ ᠶᠢ ᠬᠠᠮᠠᠭᠠᠯᠠᠬᠤ ᠬᠠᠤᠯᠢ︾ ᠶᠢᠨ ᠬᠤᠯᠪᠣᠭᠳᠠᠯ ᠪᠥᠬᠦᠶ ᠲᠣᠭᠲᠠᠭᠠᠯ ᠢ ᠲᠠᠶᠢᠯᠪᠤᠷᠢᠯᠠᠬᠤ ᠶᠢᠨ ᠬᠠᠮᠲᠤ ᠰᠠᠭᠤᠭᠠᠯᠢ ᠠᠷᠠᠳ ᠣᠯᠠᠨ ᠲᠦᠮᠡᠨ ᠤ ︽ᠨᠢᠭᠤᠴᠠ ᠶᠢ ᠬᠠᠮᠠᠭᠠᠯᠠᠬᠤ ᠬᠠᠤᠯᠢ︾ ᠶᠢᠨ ᠬᠠᠮᠢᠶ᠎ᠠ ᠪᠥᠬᠦᠶ ᠠᠭᠤᠯᠭ᠎ᠠ ᠶᠢᠨ ᠲᠤᠬᠠᠶ ᠠᠰᠠᠭᠤᠨ ᠯᠠᠪᠯᠠᠬᠤ ᠳᠤ ᠨᠠᠷᠢᠨ ᠬᠠᠷᠢᠭᠤᠯᠲᠠ ᠥᠭᠪᠡ᠃ ᠤᠯᠠᠨ ᠲᠦᠮᠡᠨ ᠢ ᠵᠣᠬᠢᠶᠠᠨ ᠪᠠᠶᠢᠭᠤᠯᠤᠨ ᠰᠦᠯᠵᠢᠶᠡᠨ ᠳᠡᠭᠡᠷ᠎ᠡ ᠰᠡᠳᠦᠪ ᠬᠠᠷᠢᠭᠤᠯᠬᠤ ᠳᠤ ᠣᠷᠣᠯᠴᠠᠭᠤᠯᠵᠤ᠂ ᠨᠢᠭᠤᠴᠠ ᠶᠢ ᠬᠠᠮᠠᠭᠠᠯᠠᠬᠤ ᠬᠠᠤᠯᠢ ᠶᠢᠨ ᠮᠡᠳᠡᠯᠭᠡ ᠶᠢ ᠤᠯᠠᠮ ᠨᠢᠭᠡ ᠠᠯᠬᠤᠮ  ᠪᠠᠬᠢᠵᠢᠭᠦᠯᠪᠡ᠃      ᠡᠨᠡ ᠤᠳᠠᠭᠠᠨ ᠤ ᠬᠥᠳᠡᠯᠭᠡᠭᠡᠨ ᠢᠶᠠᠷ ᠳᠠᠮᠵᠢᠨ᠂ ᠨᠡᠶᠢᠭᠡᠮ ᠲᠣᠭᠤᠷᠢᠭ ᠤᠨ ᠨᠢᠭᠤᠴᠠ ᠶᠢ ᠬᠠᠮᠠᠭᠠᠯᠠᠬᠤ ᠠᠵᠢᠯ ᠢ ᠪᠦᠬᠦ ᠲᠠᠯ᠎ᠠ ᠪᠠᠷ᠂ ᠤᠯᠠᠨ ᠬᠠᠷᠠᠭᠠᠰᠤ᠂ ᠭᠦᠨ  ᠳᠠᠪᠬᠤᠷᠭ᠎ᠠ ᠲᠡᠰᠢ ᠦᠷᠭᠦᠯᠵᠢᠯᠡᠭᠦᠯᠵᠦ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠺᠠᠳ᠋ᠷ᠂ ᠥᠷᠭᠡᠨ ᠤᠯᠠᠨ ᠰᠠᠭᠤᠭᠠᠯᠢ ᠠᠷᠠᠳ ᠤᠯᠠᠨ ᠳᠤ ᠨᠢᠭᠤᠴᠠ ᠶᠢ ᠬᠠᠮᠠᠭᠠᠯᠠᠬᠤ ᠠᠵᠢᠯ ᠨᠢ ᠬᠥᠮᠦᠨ ᠨᠢᠭᠡᠪᠦᠷᠢ ᠲᠠᠢ ᠨᠢᠭᠲᠠ ᠬᠤᠯᠪᠣᠭ᠎ᠠ ᠲᠠᠢ ᠪᠠᠶᠢᠬᠤ ᠶᠢ ᠲᠠᠨᠢᠭᠤᠯᠪᠠ᠃ ᠣᠯᠠᠨ ᠢᠶᠠᠷ ᠢᠶᠠᠨ ᠢᠯᠡᠷᠬᠡᠶᠢᠯᠡᠭᠰᠡᠨ ᠨᠢ᠂ ᠬᠤᠶᠢᠰᠢᠳᠠ ᠶᠢᠨ ᠠᠵᠢᠯ ᠠᠮᠢᠳᠤᠷᠠᠯ ᠳᠤᠮᠳᠠ᠂ ᠨᠢᠭᠤᠴᠠ ᠶᠢ ᠬᠠᠮᠠᠭᠠᠯᠠᠬᠤ ᠠᠵᠢᠯ ᠤᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ᠂ ᠤᠯᠤᠰ ᠣᠷᠣᠨ ᠤ ᠠᠮᠤᠷ ᠲᠦᠪᠰᠢᠨ ᠪᠠ ᠠᠰᠢᠭ ᠲᠤᠰᠠ ᠠᠯᠢᠪᠠ ᠠᠴᠠ ᠡᠷᠬᠢᠮ ᠳᠡᠭᠡᠳᠦ ᠪᠠᠶᠢᠬᠤ᠂ ᠤᠯᠤᠰ ᠤᠨ ᠨᠢᠭᠤᠴᠠ ᠶᠢ ᠬᠠᠮᠠᠭᠠᠯᠠᠬᠤ ᠳᠤ ᠬᠥᠮᠦᠨ ᠪᠦᠬᠦᠨ ᠬᠠᠷᠢᠭᠤᠴᠠᠯᠭ᠎ᠠ ᠲᠠᠢ ᠪᠠᠶᠢᠬᠤ ᠦᠵᠡᠯᠲᠡ ᠶᠢ ᠪᠠᠲᠤ ᠪᠠᠬᠢ ᠪᠤᠢ ᠪᠤᠯᠭᠠᠨ᠎ᠠ᠃
   
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号