2021 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠰᠥᠢᠳᠭᠡᠯ ᠲᠤᠰᠢᠶᠠᠬᠤ ᠠᠵᠢᠯ ᠢ ᠦᠨᠡᠨᠬᠦ ᠰᠠᠶᠢᠲᠤᠷ ᠬᠢᠵᠦ᠂ ᠬᠠᠷᠢᠶ᠎ᠠ ᠣᠷᠣᠨ ᠤ ᠰᠠᠭᠤᠭᠠᠯᠢ | ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠥᠢᠳᠭᠡᠯ ᠲᠤᠰᠢᠶᠠᠬᠤ ᠲᠤᠬᠠᠶ ᠮᠡᠳᠡᠬᠦ ᠨᠣᠷᠮ᠎ᠠ ᠪᠠ | ᠳᠠᠭᠠᠳᠬᠠᠯ ᠳᠤ ᠣᠷᠣᠯᠴᠠᠬᠤ ᠨᠣᠷᠮ᠎ᠠ ᠶᠢᠨ ᠳᠡᠭᠡᠭᠰᠢᠯᠡᠭᠦᠯᠵᠦ᠂ ᠬᠠᠷᠢᠶ᠎ᠠ ᠣᠷᠣᠨ ᠤ ᠡᠮ ᠡᠮᠨᠡᠯᠭᠡ ᠶᠢᠨ | ᠳᠠᠭᠠᠳᠬᠠᠯ ᠤᠨ ᠲᠠᠲᠠᠪᠤᠷᠢᠯᠠᠨ ᠲᠤᠰᠢᠶᠠᠬᠤ ᠠᠵᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠦᠨᠡᠨᠬᠦ | ᠪᠠᠲᠤᠯᠠᠬᠤ ᠶᠢᠨ ᠲᠦᠯᠦᠭᠡ᠂ 10 ᠰᠠᠷ᠎ᠠ ᠶᠢᠨ 22 ᠤ ᠡᠳᠦᠷ ᠤᠨ ᠦᠳᠡ ᠶᠢᠨ ᠡᠮᠦᠨ᠎ᠡ᠂ ᠶᠦᠩ ᠴᠠᠩ ᠵᠢᠶᠠ | ᠶᠤᠸᠠᠨ ᠨᠡᠶᠢᠭᠡᠮ ᠲᠣᠭᠤᠷᠢᠭ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠡᠮ ᠡᠮᠨᠡᠯᠭᠡ ᠶᠢᠨ ᠳᠠᠭᠠᠳᠬᠠᠯ ᠤᠨ | ᠰᠥᠢᠳᠭᠡᠯ ᠲᠤᠰᠢᠶᠠᠬᠤ ᠤᠬᠠᠭᠤᠯᠭ᠎ᠠ ᠶᠢᠨ ᠠᠵᠢᠯ ᠢ ᠥᠷᠨᠢᠭᠦᠯᠪᠡ᠃ | ᠶᠦᠩ ᠴᠠᠩ ᠵᠢᠶᠠ ᠶᠤᠸᠠᠨ ᠨᠡᠶᠢᠭᠡᠮ ᠲᠣᠭᠤᠷᠢᠭ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠠᠯᠪᠠᠨ ᠵᠠᠷ | ᠨᠡᠶᠢᠲᠡᠯᠡᠬᠦ᠂ ᠤᠬᠠᠭᠤᠯᠭ᠎ᠠ ᠶᠢᠨ ᠪᠤᠯᠤᠩ ᠨᠠᠭᠠᠬᠤ᠂ ᠪᠠᠭ᠎ᠠ ᠲᠣᠭᠤᠷᠢᠭ ᠤᠨ ᠠᠰᠠᠷ ᠤᠨ ᠬᠤᠩᠭᠢᠯ ᠳᠤ ᠮᠡᠳᠡᠭᠳᠡᠯ | ᠨᠠᠭᠠᠵᠤ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠸᠢᠴᠠᠲ ᠤᠨ ᠪᠦᠯᠦᠭᠯᠡᠯ ᠵᠡᠷᠭᠡ ᠣᠯᠠᠨ ᠬᠡᠯᠪᠡᠷᠢ ᠶᠢᠨ | ᠤᠬᠠᠭᠤᠯᠭ᠎ᠠ ᠶᠢᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ | ᠢᠳᠡᠪᠬᠢᠲᠡᠢ ᠤᠬᠠᠭᠤᠯᠵᠤ᠂ ᠦᠢᠯᠡᠴᠢᠯᠡᠭᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠵᠠᠷᠤᠳᠠᠯ ᠲᠤᠰᠢᠶᠠᠬᠤ ᠠᠵᠢᠯ ᠢ ᠯᠠᠪᠳᠠᠭᠤᠨ ᠢᠶᠠᠷ | ᠠᠬᠢᠭᠤᠯᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ 2021 ᠣᠨ ᠤ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠲᠤᠰᠢᠶᠠᠬᠤ ᠪᠠᠷᠢᠮᠵᠢᠶ᠎ᠠ᠂ ᠵᠠᠷᠤᠳᠠᠯ ᠲᠤᠰᠢᠶᠠᠬᠤ ᠠᠷᠭ᠎ᠠ | ᠮᠠᠶ᠋ᠢᠭ᠂ ᠵᠠᠷᠤᠳᠠᠯ ᠲᠤᠰᠢᠶᠠᠬᠤ ᠶᠠᠪᠤᠴᠠ ᠵᠡᠷᠭᠡ ᠲᠥᠷᠥ ᠶᠢᠨ ᠪᠣᠳᠣᠯᠭ᠎ᠠ ᠶᠢᠨ ᠠᠭᠤᠯᠭ᠎ᠠ ᠶᠢ ᠣᠶᠢᠯᠭᠠᠭᠤᠯᠵᠦ᠂ | ᠣᠷᠬᠢᠭᠳᠠᠭᠤᠯᠬᠤ ᠦᠭᠡᠢ᠂ ᠤᠳᠠᠭᠠᠰᠢᠷᠠᠭᠤᠯᠬᠤ ᠦᠭᠡᠢ᠂ ᠨᠡᠶᠢᠭᠡᠮ ᠲᠣᠭᠤᠷᠢᠭ ᠤᠨ ᠪᠦᠬᠦ ᠰᠠᠭᠤᠭᠠᠯᠢ ᠠᠷᠠᠳ ᠲᠤᠰ | ᠵᠢᠯ ᠤᠨ ᠰᠥᠢᠳᠭᠡᠯ ᠲᠤᠰᠢᠶᠠᠬᠤ ᠴᠠᠭ ᠵᠢᠴᠢ ᠡᠮ ᠡᠮᠨᠡᠯᠭᠡ ᠶᠢᠨ ᠳᠠᠭᠠᠳᠬᠠᠯ ᠤᠨ ᠠᠭᠤᠯᠭ᠎ᠠ ᠶᠢ ᠴᠠᠭ ᠲᠤᠬᠠᠶ ᠳᠤᠨᠢ | ᠮᠡᠳᠡᠬᠦ ᠶᠢ ᠦᠨᠡᠨᠬᠦ ᠪᠠᠲᠤᠯᠠᠵᠤ᠂ ᠤᠬᠠᠭᠤᠯᠭ᠎ᠠ ᠶᠢᠨ ᠬᠠᠭᠤᠳᠠᠰᠤ ᠶᠢ ᠨᠡᠶᠢᠲᠡ 100 ᠭᠠᠷᠤᠶ ᠬᠤᠪᠢ ᠨᠠᠭᠠᠵᠠᠶ᠃ | ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠤᠬᠠᠭᠤᠯᠭ᠎ᠠ ᠶᠢᠨ ᠠᠵᠢᠯ ᠨᠢ ᠬᠠᠷᠢᠶ᠎ᠠ | ᠣᠷᠣᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠲᠤᠬᠠᠶ | ᠣᠶᠢᠯᠠᠭᠠᠯᠲᠠ ᠶᠢ ᠭᠦᠨᠵᠡᠭᠡᠶᠢᠷᠡᠭᠦᠯᠵᠦ᠂ ᠰᠠᠭᠤᠭᠠᠯᠢ ᠠᠷᠠᠳ ᠤᠨ ᠴᠠᠭ ᠲᠤᠬᠠᠶ ᠳᠤᠨᠢ ᠳᠠᠭᠠᠳᠬᠠᠯ ᠳᠤ ᠣᠷᠣᠯᠴᠠᠬᠤ᠂ | ᠦᠷᠭᠦᠯᠵᠢᠯᠡᠨ ᠳᠠᠭᠠᠳᠬᠠᠬᠤ ᠶᠢ ᠪᠦᠲᠦᠮᠵᠢᠲᠠᠢ ᠬᠥᠲᠥᠯᠥᠨ ᠵᠢᠯᠣᠭᠤᠳᠴᠤ᠂ ᠪᠦᠬᠦ ᠠᠷᠠᠳ ᠢᠶᠠᠷ ᠢᠶᠠᠨ | ᠳᠠᠭᠠᠳᠬᠠᠯ ᠳᠤ ᠣᠷᠣᠯᠴᠠᠬᠤ ᠠᠵᠢᠯ ᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠶ᠃ | |