ᠤᠳᠠ ᠲᠣᠭᠤᠷᠢᠭ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠬᠠᠩᠭᠠᠯᠭ᠎ᠠ ᠶᠢᠨ ᠬᠥᠮᠥᠷᠭᠡ ᠠᠴᠠ ᠣᠷᠣᠭᠤᠯᠵᠤ ᠭᠠᠷᠭᠠᠬᠤ ᠪᠠᠶᠢᠳᠠᠯ ᠢ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2020/10/23
     10 ᠰᠠᠷ᠎ᠠ ᠶᠢᠨ 19 ᠤ ᠡᠳᠦᠷ᠂ ᠤᠳᠠ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠠᠷᠠᠭ᠎ᠠ ᠶᠢᠨ ᠪᠠᠲᠤᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠪᠠᠲᠤᠯᠠᠬᠤ ᠶᠢᠨ ᠲᠤᠰᠠᠳᠠ᠂ ᠤᠳᠠ ᠲᠣᠭᠤᠷᠢᠭ ᠲᠤᠭᠤᠷᠢᠭ ᠤᠨ ᠳᠣᠲᠣᠷᠠᠬᠢ 8 ᠰᠠᠨᠠᠭ᠎ᠠ ᠠᠮᠤᠷ ᠠᠮᠤ ᠲᠣᠰᠣᠨ ᠤ ᠳᠡᠯᠭᠡᠭᠦᠷ ᠪᠣᠯᠤᠨ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠬᠠᠩᠭᠠᠯᠭ᠎ᠠ ᠶᠢᠨ ᠲᠣᠤᠷ ᠴᠢᠭ ᠲᠤ ᠠᠮᠤ ᠪᠤᠳᠠᠭᠠᠨ ᠤ ᠬᠠᠩᠭᠠᠯᠭ᠎ᠠ ᠶᠢᠨ ᠬᠥᠮᠥᠷᠭᠡ ᠠᠴᠠ ᠣᠷᠣᠭᠤᠯᠵᠤ ᠭᠠᠷᠭᠠᠬᠤ ᠪᠠᠶᠢᠳᠠᠯ ᠢ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃      ᠪᠠᠶᠢᠴᠠᠭᠠᠯᠲᠠ ᠪᠠᠷ ᠳᠠᠮᠵᠢᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠤᠷᠢᠲᠠᠯ ᠳᠣᠣᠷ᠎ᠠ᠂ ᠣᠳᠣᠬᠠᠨ ᠳᠤ ᠲᠤᠭᠤᠷᠢᠭ ᠤᠨ ᠳᠣᠲᠣᠷᠠᠬᠢ ᠠᠮᠤ ᠪᠤᠳᠠᠭᠠᠨ ᠤ ᠬᠠᠩᠭᠠᠯᠭ᠎ᠠ ᠶᠢᠨ ᠬᠡᠮᠵᠢᠶ᠎ᠡ ᠬᠡᠪ ᠤᠨ ᠲᠦᠪᠰᠢᠨ ᠢ ᠪᠠᠲᠤᠯᠠᠵᠦ᠂ ᠡᠯ᠎ᠡ ᠠᠮᠤ ᠲᠣᠰᠣᠨ ᠤ ᠳᠡᠯᠭᠡᠭᠦᠷ ᠵᠢᠴᠢ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠬᠠᠩᠭᠠᠯᠭ᠎ᠠ ᠶᠢᠨ ᠴᠢᠭ ᠤᠨ ᠠᠮᠤ ᠪᠤᠳᠠᠭᠠᠨ ᠤ ᠬᠠᠩᠭᠠᠯᠭ᠎ᠠ ᠶᠢᠨ ᠬᠥᠮᠥᠷᠭᠡ ᠶᠢᠨ ᠪᠠᠶᠢᠳᠠᠯ ᠰᠠᠶᠢᠨ ᠪᠠᠶᠢᠨ᠎ᠠ᠃ ᠠᠮᠤ ᠪᠤᠳᠠᠭᠠᠨ ᠤ ᠬᠠᠩᠭᠠᠯᠭ᠎ᠠ ᠨᠢ ᠰᠠᠭᠤᠭᠠᠯᠢ ᠠᠷᠠᠳ ᠤᠨ ᠬᠡᠪ ᠤᠨ ᠬᠡᠷᠡᠭᠴᠡᠭᠡ ᠶᠢ ᠬᠠᠩᠭᠠᠵᠤ ᠴᠢᠳᠠᠨ᠎ᠠ      ᠳᠠᠷᠠᠭ᠎ᠠ ᠠᠯᠬᠤᠮ ᠳᠤ᠂ ᠤᠳᠠ ᠶᠢᠨ ᠲᠣᠭᠤᠷᠢᠭ ᠦᠷᠭᠦᠯᠵᠢᠯᠡᠨ ︽ᠤᠳᠠ ᠲᠣᠭᠤᠷᠢᠭ ᠤᠨ ᠬᠡᠪᠰᠢᠭᠰᠡᠨ ᠪᠠ ᠨᠠᠮᠤᠷ ᠡᠪᠦᠯ ᠤᠨ ᠤᠯᠠᠷᠢᠯ ᠤᠨ ᠰᠢᠨ᠎ᠡ ᠲᠢᠲᠢᠮ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠴᠢᠮ ᠪᠠᠶᠢᠳᠠᠯ ᠢ ᠠᠷᠭᠠᠴᠠᠵᠦ ᠲᠤᠰᠠᠯᠠᠬᠤ ᠠᠵᠢᠯ ᠤᠨ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠲᠤᠭᠤᠷᠢᠭ ᠤᠨ ᠳᠣᠲᠣᠷᠠᠬᠢ ᠠᠮᠤ ᠲᠣᠰᠣ᠂ ᠮᠢᠬᠠᠨ ᠤ ᠵᠦᠢᠯ᠂ ᠢᠳᠡᠰᠢᠨ ᠨᠣᠭᠤᠭ᠎ᠠ ᠵᠡᠷᠭᠡ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠪᠠᠷᠠᠭ᠎ᠠ ᠶᠢᠨ ᠢᠷᠡᠯᠲᠡ ᠪᠠ ᠬᠠᠩᠭᠠᠯᠭ᠎ᠠ ᠶᠢᠨ ᠴᠢᠳᠠᠪᠤᠷᠢ ᠶᠢ ᠴᠠᠭ ᠲᠤᠬᠠᠶ ᠳᠤᠨᠢ ᠡᠵᠡᠮᠰᠢᠵᠦ᠂ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠬᠡᠪ ᠤᠨ ᠬᠠᠩᠭᠠᠯᠭ᠎ᠠ ᠶᠢ ᠪᠠᠲᠤᠯᠠᠨ᠎ᠠ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号