ᠤᠳᠠ ᠲᠣᠭᠤᠷᠢᠭ ᠤᠨ ᠰᠦᠯᠵᠢᠶᠡᠨ ᠳᠣᠤᠷ᠎ᠠ ︽ᠨᠢᠭᠡ ᠶᠠᠪᠤᠳᠠᠯ ᠢ ᠨᠢᠭᠡ ᠯᠡ ᠳᠡᠭᠡᠷ᠎ᠡ ᠭᠦᠢᠴᠡᠳᠭᠡᠭᠦ︾ ᠭᠤᠤᠯ ᠰᠡᠳᠦᠪᠲᠦ ᠦᠢᠯᠡᠴᠢᠯᠡᠭᠡ ᠶᠢ ᠲᠤᠷᠰᠢᠨ ᠬᠡᠷᠡᠭᠵᠢᠭᠦᠯᠪᠡ
ᠨᠡᠶᠢᠲᠡᠯᠡᠭᠰᠡᠨ ᠴᠠᠭ᠄
2020/10/23
     ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠨᠠᠨ ᠵᠥᠪᠰᠢᠶᠡᠷᠡᠯ ᠢ ᠠᠷᠠᠳ ᠲᠤ ᠳᠥᠭᠦᠮ ᠦᠵᠡᠭᠦᠯᠬᠦ ᠪᠠ ︽ᠨᠢᠭᠡ ᠲᠣᠣᠷ ᠨᠢᠭᠡ ᠡᠭᠦᠳᠡ ᠨᠢᠭᠡ ᠤᠳᠠᠭ᠎ᠠ︾ ᠶᠢᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠬᠤ ᠶᠢᠨ ᠲᠦᠯᠦᠭᠡ᠂ ᠤᠳᠠ ᠲᠣᠭᠤᠷᠢᠭ ᠲᠤᠭᠤᠷᠢᠭ ᠤᠨ ᠳᠣᠲᠣᠷᠠᠬᠢ ᠪᠣᠳᠠᠲᠤ ᠪᠠᠶᠢᠳᠠᠯ ᠢ ᠦᠨᠳᠦᠰᠦᠯᠡᠨ᠂ 6 ᠵᠦᠢᠯ ᠤᠨ ︽ᠨᠢᠭᠡ ᠶᠠᠪᠤᠳᠠᠯ ᠢ ᠨᠢᠭᠡ ᠯᠡ ᠳᠡᠭᠡᠷ᠎ᠡ ᠭᠦᠢᠴᠡᠳᠭᠡᠬᠦ︾ ᠭᠤᠤᠯ ᠰᠡᠳᠦᠪᠲᠦ ᠦᠢᠯᠡᠴᠢᠯᠡᠭᠡ ᠶᠢ ᠠᠩᠬ᠎ᠠ ᠠᠯᠬᠤᠮ ᠨᠠᠶᠢᠷᠠᠭᠤᠯᠤᠨ ᠵᠣᠬᠢᠶᠠᠭᠰᠠᠨ ᠪᠥᠭᠡᠳ ︽ᠨᠢᠭᠡ  ᠤᠴᠢᠷ ᠶᠠᠪᠤᠳᠠᠯ︾ ᠭᠤᠤᠯ ᠰᠡᠳᠦᠪᠲᠦ ᠦᠢᠯᠡᠴᠢᠯᠡᠭᠡᠨ ᠤ ᠴᠣᠩᠬᠤᠪᠴᠢ ᠳᠣᠭᠢᠷᠠᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠭᠦᠢᠴᠡᠳᠬᠡᠬᠦ ᠴᠢᠬᠤᠯᠠᠲᠠᠢ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠵᠦᠢᠯᠡᠰ ᠢ ᠭᠤᠭᠴᠤᠭ᠎ᠠ ᠶᠢ ᠡᠮᠬᠢᠯᠡᠨ ᠨᠡᠶᠢᠯᠡᠭᠦᠯᠵᠦ᠂ ᠴᠤᠪᠤᠷᠠᠯ ᠢ ᠰᠢᠯᠢᠳᠡᠭᠵᠢᠭᠦᠯᠬᠦ ᠪᠠᠷ ᠳᠠᠮᠵᠢᠨ᠂ ᠠᠵᠤ ᠠᠬᠤᠶᠢᠯᠠᠯ ᠪᠠ ᠤᠯᠠᠨ ᠲᠦᠮᠡᠨ ᠤ ᠨᠢᠳᠤᠨ ᠳᠠᠬᠢ ︽ᠨᠢᠭᠡ ᠶᠠᠪᠤᠳᠠᠯ︾ ᠪᠤᠯᠵᠤ ᠬᠤᠪᠢᠷᠠᠨ᠎ᠠ᠃ ᠣᠳᠣᠬᠠᠨ ᠳᠤ ᠪᠢ ᠨᠣᠮ ᠤᠨ ᠳᠡᠯᠭᠡᠭᠦᠷ ᠨᠡᠭᠡᠭᠡᠨ᠎ᠡ᠃ ᠪᠢ ᠬᠤᠪᠴᠠᠰᠤᠨ ᠤ ᠳᠡᠯᠭᠡᠭᠦᠷ ᠨᠡᠭᠡᠭᠡᠨ᠎ᠡ︾ ᠭᠡᠬᠦ ᠬᠤᠶᠠᠷ ᠵᠦᠢᠯ ᠤᠨ ᠭᠤᠤᠯ ᠰᠡᠳᠦᠪᠲᠦ ᠦᠢᠯᠡᠴᠢᠯᠡᠭᠡᠨ ᠤ ᠠᠵᠢᠯ ᠶᠠᠪᠤᠳᠠᠯ ᠭᠦᠢᠴᠡᠳᠭᠡᠬᠦ ᠶᠠᠪᠤᠴᠠ ᠶᠢ ᠪᠡᠶᠡᠯᠡᠭᠦᠯᠵᠡᠶ᠃ ᠪᠠᠰᠠ ᠰᠦᠯᠵᠢᠶᠡᠨ ᠭᠠᠳᠠᠨ᠎ᠠ ᠲᠤᠷᠰᠢᠨ ᠠᠵᠢᠯᠯᠠᠭᠤᠯᠵᠤ᠂ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ︽ᠨᠢᠭᠡ ᠤᠴᠢᠷ ᠶᠠᠪᠤᠳᠠᠯ︾ ᠤᠨ ᠭᠤᠤᠯ ᠰᠡᠳᠦᠪᠲᠦ ᠦᠢᠯᠡᠴᠢᠯᠡᠭᠡᠨ ᠤ ᠴᠣᠩᠬᠤᠨ ᠳᠤ ᠠᠰᠠᠭᠤᠨ ᠯᠠᠪᠯᠠᠵᠤ ᠰᠢᠢᠳᠪᠦᠷᠢᠯᠡᠵᠦ ᠪᠣᠯᠤᠨ᠎ᠠ᠂ ᠪᠤᠰᠤᠳ ᠭᠤᠤᠯ ᠰᠡᠳᠦᠪᠲᠦ ᠦᠢᠯᠡᠴᠢᠯᠡᠭᠡ ᠶᠢ ᠶᠠᠭ ᠵᠠᠯᠭᠠᠭ᠎ᠠ ᠪᠠᠷ ᠠᠬᠢᠭᠤᠯᠵᠤ ᠪᠠᠶᠢᠨ᠎ᠠ᠃    
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号