ᠵᠠᠬᠢᠳᠠᠯ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︽ᠤᠯᠤᠰ ᠲᠥᠷᠥ ᠶᠢᠨ ᠬᠡᠪ ᠰᠤᠷᠲᠠᠯ ᠢ ᠳᠠᠪᠲᠠᠨ ᠪᠣᠯᠪᠠᠰᠤᠷᠠᠭᠤᠯᠵᠤ᠂ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠪᠠᠳᠠᠷᠠᠭᠤᠯᠬᠤ︾ ᠰᠤᠷᠤᠯᠴᠠᠯᠭ᠎ᠠ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/11/16
     ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ  ᠶᠠᠷᠢᠶ᠎ᠠ ᠶᠢᠨ ᠵᠣᠷᠢᠭ ᠰᠠᠨᠠᠭ᠎ᠠ ᠶᠢ ᠳᠠᠬᠢᠨ ᠡᠷᠭᠢᠴᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠲᠦᠮᠡᠨ ᠢᠶᠠᠷ ᠭᠤᠤᠯ ᠪᠣᠯᠭᠠᠬᠤ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠤᠶᠢᠯᠭᠠᠭᠤᠯᠬᠤ ᠶᠢᠨ ᠲᠦᠯᠦᠭᠡ᠂ ᠲᠣᠭᠤᠷᠢᠭ ᠤᠨ ᠠᠵᠤ ᠦᠢᠯᠡᠳᠪᠦᠷᠢ ᠪᠤᠯᠤᠨ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ  ᠲᠤᠪᠴᠢᠶ᠎ᠠ 2020 ᠣᠨ ᠤ 11 ᠰᠠᠷ᠎ᠠ ᠶᠢᠨ 9 ᠤ ᠡᠳᠦᠷ᠂ ᠤᠯᠤᠰ ᠲᠦᠷᠦ ᠶᠢᠨ ᠬᠡᠪ ᠰᠤᠷᠲᠠᠯ ᠢ ᠳᠠᠪᠲᠠᠨ ᠪᠣᠯᠪᠠᠰᠤᠷᠠᠭᠤᠯᠵᠤ᠂ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠪᠠᠳᠠᠷᠠᠭᠤᠯᠬᠤ ᠰᠤᠳᠤᠯᠤᠨ ᠰᠤᠷᠤᠯᠴᠠᠨ ᠶᠠᠷᠢᠯᠴᠠᠬᠤ ᠬᠤᠷᠠᠯ ᠬᠤᠷᠠᠯᠳᠤᠭᠤᠯᠪᠠ᠃ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠢᠴᠢ ᠤᠳᠤᠷᠢᠳᠬᠤ ᠪᠠᠭ ᠤᠨ ᠪᠦᠷᠢᠯᠳᠦᠬᠦᠨ᠂ ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ  ᠭᠡᠯᠳᠡᠰ ᠤᠨ ᠳᠡᠳ᠋ ᠳᠠᠷᠤᠭ᠎ᠠ ᠰᠥᠩ ᠯᠸᠢ ᠨᠥᠬᠦᠷ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠴᠤᠬᠤᠯᠠᠪᠦᠷᠢ ᠶᠢᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠲᠦᠮᠡᠨ ᠢᠶᠠᠷ ᠭᠤᠣᠯ ᠪᠣᠯᠭᠠᠬᠤ ᠴᠢᠬᠤᠯᠠ ᠦᠵᠡᠯ ᠰᠠᠨᠠᠭ᠎ᠠ ᠶᠢ ᠪᠠᠷᠢᠮᠲᠠᠯᠠᠬᠤ ᠵᠢᠴᠢ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠠᠮᠢᠶ᠎ᠠ ᠪᠦᠬᠦᠢ ᠠᠭᠤᠯᠭ᠎ᠠ ᠶᠢ ᠰᠤᠷᠤᠯᠴᠠᠠ ᠤᠯᠠᠮᠵᠢᠯᠠᠪᠠ᠃ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠬᠤᠣ ᠲᠢᠶᠠᠨ ᠸᠧᠨ ᠨᠥᠬᠦᠷ ᠲᠦᠷᠦᠭᠦᠯᠡᠨ ᠲᠤᠰ ᠪᠡᠶ᠎ᠡ ᠶᠢᠨ ᠦᠵᠡᠯ ᠰᠠᠨᠠᠭᠠᠨ ᠤ ᠪᠠᠶᠢᠭᠤᠯᠤᠯᠲᠠ᠂ ᠠᠵᠢᠯ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠣᠯᠪᠠᠰᠤᠷᠠᠯ ᠢᠶᠠᠨ ᠴᠢᠩᠭᠠᠳᠬᠠᠵᠦ᠂ ᠵᠣᠷᠢᠯᠲᠠ ᠶᠢᠨ ᠤᠬᠠᠮᠰᠠᠷ ᠢ ᠪᠠᠲᠤ ᠪᠠᠬᠢ ᠪᠤᠢ ᠪᠤᠯᠭᠠᠨ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ︔ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠪᠣᠳᠠᠲᠠᠢ ᠠᠵᠢᠯᠯᠠᠬᠤ ᠴᠢᠨᠠᠷ ᠴᠢᠨᠰᠠᠭ᠎ᠠ ᠶᠢ ᠳᠠᠪᠲᠠᠨ ᠪᠣᠯᠪᠠᠰᠤᠷᠠᠭᠤᠯᠤᠨ᠎ᠠ︔ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠤᠯᠤᠰ ᠲᠦᠷᠦ ᠶᠢᠨ ᠬᠡᠪ ᠴᠢᠨᠠᠷ ᠢ ᠳᠡᠭᠡᠭᠰᠢᠯᠡᠭᠦᠯᠬᠦ 4 ᠲᠠᠯ᠎ᠠ ᠪᠠᠷ ᠬᠢᠪᠡ︔ ᠤᠯᠤᠰ ᠲᠦᠷᠦ ᠶᠢᠨ ᠬᠡᠪ ᠰᠤᠷᠲᠠᠯ ᠢ ᠳᠠᠪᠲᠠᠨ ᠪᠣᠯᠪᠠᠰᠤᠷᠠᠭᠤᠯᠵᠤ᠂ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ  ᠶᠢ ᠪᠠᠳᠠᠷᠠᠭᠤᠯᠬᠤ ᠰᠤᠳᠤᠯᠤᠨ ᠶᠠᠷᠢᠯᠴᠠᠬᠤ ᠶᠠᠷᠢᠶ᠎ᠠ ᠲᠠᠯᠪᠢᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠢᠴᠢ  ᠤᠳᠤᠷᠢᠳᠬᠤ ᠪᠠᠭ ᠤᠨ ᠪᠦᠷᠢᠯᠳᠦᠬᠦᠨ ᠴᠦ ᠳᠡᠰ ᠳᠠᠷᠠᠭᠠᠯᠠᠨ ᠶᠠᠷᠢᠶ᠎ᠠ ᠲᠠᠯᠪᠢᠪᠠ᠃ ᠰᠦᠩ ᠯᠧᠢ ᠨᠥᠬᠦᠷ ᠶᠠᠷᠢᠶᠠᠨ ᠤ ᠠᠭᠤᠯᠭ᠎ᠠ ᠳᠤ ᠦᠨᠡᠯᠡᠯᠲᠡ ᠬᠢᠵᠦ᠂ ᠰᠤᠷᠤᠯᠴᠠᠯᠭ᠎ᠠ ᠶᠢᠨ ᠪᠠᠶᠢᠳᠠᠯ ᠢ ᠨᠤᠲᠠᠯᠠᠭᠰᠠᠨ ᠢᠶᠠᠷ ᠪᠠᠷᠠᠬᠤ ᠦᠭᠡᠢ᠂ ᠣᠳᠣᠬᠠᠨ ᠤ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠶᠢ ᠵᠢᠭᠠᠨ ᠭᠠᠷᠭᠠᠭᠰᠠᠨ ᠪᠥᠭᠡᠳ ᠮᠠᠨ ᠤ ᠲᠣᠪᠴᠢᠶᠠᠨ ᠤ ᠳᠠᠷᠠᠭᠠᠴᠢ ᠶᠢᠨ ᠠᠯᠬᠤᠮ ᠤᠨ ᠴᠢᠷᠮᠠᠶᠢᠬᠤ ᠴᠢᠭᠯᠡᠯ ᠳᠤ ᠵᠢᠯᠣᠭᠤᠳᠬᠤ ᠰᠠᠨᠠᠯ ᠳᠤᠷᠠᠳᠤᠭᠰᠠᠨ ᠪᠠᠶᠢᠨ᠎ᠠ᠃      ᠬᠤᠷᠠᠯ ᠠᠴᠠ ᠴᠢᠬᠤᠯᠠᠴᠢᠯᠠᠭᠰᠠᠨ ᠨᠢ᠂ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠰᠢᠨ᠎ᠡ ᠴᠠᠭ ᠦᠶ᠎ᠡ ᠰᠢᠨ᠎ᠡ ᠱᠠᠲᠤ ᠦᠶ᠎ᠡ ᠶᠢᠨ ᠱᠠᠭᠠᠷᠳᠠᠯᠭ᠎ᠠ ᠳᠤ ᠵᠤᠬᠢᠴᠠᠬᠤ ᠪᠠᠷ ᠴᠢᠷᠮᠠᠶᠢᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ  ᠪᠠᠶᠢᠭᠤᠯᠬᠤ ᠴᠢᠳᠠᠪᠤᠷᠢ ᠪᠠ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠢᠨᠠᠷ ᠰᠠᠶᠢᠲᠠᠢ ᠬᠦᠭᠵᠢᠯᠲᠡ ᠶᠢᠨ ᠭᠤᠣᠯ ᠰᠡᠳᠦᠪ ᠭᠤᠣᠯ ᠰᠢᠵᠢᠮ ᠢ ᠨᠠᠩ ᠳᠣᠪᠤᠶᠢᠯᠭᠠᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠶᠢᠨ ᠳᠣᠲᠣᠭᠠᠳᠤ ᠱᠠᠭᠠᠷᠳᠠᠯᠭ᠎ᠠ ᠳᠤ ᠤᠬᠠᠮᠰᠠᠷ ᠠᠴᠠ ᠪᠠᠨ ᠵᠣᠬᠢᠴᠠᠵᠤ᠂ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠶ ᠪᠠ ᠬᠥᠭᠵᠢᠯᠲᠡ ᠶᠢᠨ ᠣᠷᠴᠢᠨ ᠨᠥᠬᠦᠴᠡᠯ ᠢ ᠪᠤᠢ ᠪᠣᠯᠭᠠᠬᠤ ᠳᠤ ᠬᠤᠪᠢ ᠨᠡᠮᠡᠷᠢ ᠦᠵᠡᠭᠦᠯᠦᠨ᠎ᠡ᠃
   
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号