ᠯᠢᠶᠠᠩ ᠵᠢᠶᠠ ᠭᠸᠦ ᠵᠡᠭᠡᠯᠢ ᠭᠤᠳᠤᠮᠵᠢ ᠣᠨᠴᠠ ᠬᠦᠴᠢᠷᠳᠡᠯᠲᠡᠶ ᠬᠥᠮᠦᠰ ᠯᠦᠭᠡ ︽ᠲᠠᠷᠠᠬᠠᠶ ᠪᠤᠲᠠᠷᠬᠠᠶ ᠠᠰᠠᠷᠠᠨ ᠲᠡᠵᠢᠭᠡᠬᠦ ᠪᠠᠶᠢᠭ᠎ᠠ ᠣᠨᠴᠠ ᠬᠦᠴᠢᠷᠳᠡᠯᠲᠡᠶ ᠬᠥᠮᠦᠰ ᠢ ᠨᠠᠶᠢᠳᠠᠵᠤ ᠠᠰᠠᠷᠠᠨ ᠬᠠᠷᠠᠭᠠᠯᠵᠠᠬᠤ ᠦᠢᠯᠡᠴᠢᠯᠡᠭᠡᠨ ᠤ ᠬᠡᠯᠡᠯᠴᠡᠭᠡᠷ︾ ᠲᠣᠭᠲᠠᠪᠠ
ᠨᠡᠶᠢᠲᠡᠯᠡᠭᠰᠡᠨ ᠴᠠᠭ᠄
2020/11/18
     ︽ᠨᠡᠶᠢᠭᠡᠮ ᠤᠨ ᠠᠪᠤᠷᠠᠨ ᠲᠤᠰᠠᠯᠠᠬᠤ ᠲᠦᠷ ᠬᠡᠷᠡᠭᠵᠢᠭᠦᠯᠬᠦ ᠠᠷᠭ᠎ᠠ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 649 ᠳ᠋ᠦᠭᠡᠷ ᠲᠣᠭᠠᠲᠤ︶᠂ ︽ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠲᠦᠷᠢᠮ ᠢ ᠤᠯᠠᠮ ᠨᠢᠭᠡ ᠠᠯᠬᠤᠮ ᠪᠦᠷᠢᠨᠰᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠮᠤᠩᠭᠤᠯ ᠤᠨ ᠥᠪᠡᠷᠲᠡᠬᠡᠨ ᠵᠠᠰᠠᠬᠤ ᠤᠷᠤᠨ ᠤ ᠵᠠᠰᠠᠭ ᠤᠨ ᠣᠷᠳᠤᠨ ᠲᠠᠷᠬᠠᠭᠠᠭᠰᠠᠨ〔 2016〕106 ᠳ᠋ᠤᠭᠠᠷ ᠲᠣᠭᠠᠲᠤ︶᠂ ︽ᠦᠬᠠᠶ ᠬᠤᠲᠠ ᠶᠢᠨ ᠣᠨᠴᠠ ᠬᠦᠴᠢᠷᠳᠡᠯᠲᠡᠶ ᠬᠥᠮᠦᠰ ᠢ ᠮᠠᠭᠠᠳᠯᠠᠨ ᠲᠣᠭᠲᠠᠭᠠᠬᠤ ᠠᠷᠭ᠎ᠠ︾ ︵ᠤᠳᠠ ᠲᠤᠭᠤᠷᠢᠭ ᠤᠨ ᠠᠷᠠᠳ ᠤᠨ ᠶᠠᠪᠤᠳᠠᠯ ᠤᠨ ᠲᠤᠪᠴᠢᠶ᠎ᠠ ᠲᠠᠷᠬᠠᠭᠠᠭᠰᠠᠨ〔 2017〕79 ᠳ᠋ᠦᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠵᠢᠴᠢ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠨᠠᠶᠢᠳᠠᠪᠦᠷᠢᠵᠢᠭᠤᠯᠬᠤ ᠶᠢᠨ ᠲᠥᠯᠥᠭᠡ᠂ 2020 ᠣᠨ ᠤ 11 ᠰᠠᠷ᠎ᠠ ᠶᠢᠨ 5 ᠤ ᠡᠳᠦᠷ᠂ ᠯᠢᠶᠠᠩ ᠵᠢᠶᠠ ᠭᠸᠦ ᠵᠡᠭᠡᠯᠢ ᠭᠤᠳᠤᠮᠵᠢ᠂ ᠬᠠᠷᠢᠶ᠎ᠠ ᠭᠤᠷᠪᠠᠨ ᠨᠡᠶᠢᠭᠡᠮ ᠲᠣᠭᠤᠷᠢᠭ ᠨᠢ ᠬᠠᠷᠢᠶ᠎ᠠ ᠣᠷᠣᠨ ᠤ ᠪᠠᠨ ᠲᠠᠪᠤᠨ ᠣᠨᠴᠠ ᠬᠦᠴᠢᠷᠳᠡᠯᠲᠡᠶ ᠬᠥᠮᠦᠰ ᠯᠦᠭᠡ ︽ᠲᠠᠷᠠᠬᠠᠶ ᠪᠤᠲᠠᠷᠬᠠᠶ ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠶ ᠬᠥᠮᠦᠰ ᠢ ᠨᠠᠶᠢᠳᠠᠵᠤ ᠠᠰᠠᠷᠠᠨ ᠬᠠᠷᠠᠭᠠᠯᠵᠠᠬᠤ  ᠦᠢᠯᠡᠴᠢᠯᠡᠭᠡᠨ ᠤ ᠬᠡᠯᠡᠯᠴᠡᠭᠡᠷ︾ ᠳᠤ ᠭᠠᠷ ᠤᠨ ᠥᠰᠥᠭ ᠵᠢᠷᠤᠪᠠ᠃      ᠬᠡᠯᠡᠯᠴᠡᠭᠡᠷ ᠲᠣᠭᠲᠠᠭᠰᠠᠨ ᠤ ᠳᠠᠷᠠᠭ᠎ᠠ᠂ ᠬᠡᠷᠡᠭ ᠡᠷᠬᠢᠯᠡᠬᠦ ᠭᠠᠵᠠᠷ ᠵᠢᠴᠢ ᠨᠡᠶᠢᠭᠡᠮ ᠲᠣᠭᠤᠷᠢᠭ ᠤᠨ ᠬᠢᠨ ᠲᠠᠷᠠᠬᠠᠢ ᠪᠤᠲᠠᠷᠬᠠᠢ ᠪᠤᠲᠠᠷᠬᠠᠶ ᠬᠥᠮᠦᠰ ᠢ ᠨᠠᠶᠢᠳᠠᠵᠦ ᠣᠨᠴᠠ ᠬᠦᠴᠢᠷᠳᠡᠯᠲᠡᠢ ᠬᠥᠮᠦᠰ ᠲᠤ ᠡᠳᠦᠷ ᠳᠤᠳᠤᠮ ᠤᠨ ᠠᠰᠠᠷᠠᠨ ᠰᠤᠪᠢᠯᠠᠬᠤ᠂ ᠡᠷᠬᠢᠨ ᠦᠵᠡᠵᠦ ᠲᠤᠬᠤᠨᠢᠭᠤᠯᠬᠤ᠂ ᠠᠮᠢᠳᠤᠷᠠᠯ ᠤᠨ ᠪᠠᠷ᠎ᠠ ᠪᠤᠯᠵᠤ ᠰᠤᠪᠢᠯᠠᠬᠤ ᠵᠡᠷᠭᠡ ᠦᠢᠯᠡᠴᠢᠯᠡᠭᠡ ᠬᠠᠩᠭᠠᠵᠤ᠂ ᠡᠳ᠋ ᠤᠨ ᠵᠠᠰᠠᠭ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠬᠦᠴᠢᠷᠳᠡᠯᠲᠡᠢ ᠤᠯᠠᠨ ᠲᠦᠮᠡᠨ ᠢ ᠠᠪᠤᠷᠠᠨ ᠲᠤᠰᠠᠯᠠᠬᠤ ᠪᠡᠯᠡ ᠮᠥᠩᠭᠦ ᠶᠢᠨ ᠳᠣᠲᠤᠷ᠎ᠠ ᠠᠴᠠ ᠪᠠᠷᠢᠮᠵᠢᠶ᠎ᠠ ᠶᠣᠰᠣᠭᠠᠷ ᠣᠨᠴᠠ ᠬᠦᠴᠢᠷᠳᠡᠯᠲᠡᠢ ᠬᠥᠮᠦᠰ ᠤᠨ ᠠᠰᠠᠷᠠᠨ ᠰᠤᠪᠢᠯᠠᠬᠤ ᠵᠠᠷᠤᠳᠠᠯ ᠢ ᠥᠭᠬᠦ ᠪᠣᠯᠤᠨ᠎ᠠ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号