ᠤᠳᠠ ᠲᠤᠭᠤᠷᠢᠭ ︽ᠲᠠᠪᠤ ᠶᠢ ᠬᠠᠮᠵᠢᠯᠴᠠᠭᠤᠯᠵᠤ᠂ ᠦᠨᠳᠦᠰᠦᠨ ᠱᠠᠲᠤ ᠶᠢ ᠶᠡᠬᠡᠪᠡᠷ ᠠᠳᠬᠤᠬᠤ︾ ᠶᠢ | ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠪᠣᠳᠠᠲᠠᠶ ᠠᠳᠬᠤᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ | ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠳᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ᠂ ᠵᠣᠬᠢᠶᠠᠨ | ᠪᠠᠶᠢᠭᠤᠯᠤᠯᠲᠠ ᠶᠢᠨ ᠬᠦᠴᠦᠨ ᠢᠶᠠᠨ ᠳᠡᠭᠡᠭᠰᠢᠯᠡᠭᠦᠯᠬᠦ᠂ ᠤᠯᠤᠰ ᠲᠥᠷᠥ ᠶᠢᠨ ᠴᠢᠳᠠᠮᠵᠢ ᠪᠠᠨ ᠴᠢᠩᠭᠠᠳᠬᠠᠬᠤ᠂ | ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠪᠠᠶᠢᠭᠤᠯᠤᠮᠵᠢ ᠲᠣᠭᠲᠠᠴᠠ ᠶᠢ | ᠳᠡᠭᠦᠯᠳᠡᠷᠵᠢᠭᠦᠯᠬᠦ᠂ ᠠᠵᠢᠯ ᠤᠨ ᠰᠡᠳᠬᠢᠮᠵᠢ ᠶᠢᠨ ᠠᠷᠭ᠎ᠠ ᠬᠡᠮᠵᠢᠶ᠎ᠡ ᠶᠢᠨ ᠲᠠᠯ᠎ᠠ ᠪᠠᠷ ᠰᠢᠨ᠎ᠡ ᠶᠢ ᠡᠭᠦᠳᠦᠨ᠎ᠡ᠃ | ᠨᠢᠭᠡ ᠳᠤ ᠰᠤᠷᠤᠯᠴᠠᠬᠤ ᠪᠠ ᠠᠵᠢᠯ ᠳᠤ ᠭᠠᠷᠬᠤ ᠶᠢ ᠰᠢᠯᠭᠠᠬᠤ ᠳᠦᠷᠢᠮ ᠢ ᠨᠠᠶᠢᠳᠠᠪᠦᠷᠢᠵᠢᠭᠤᠯᠵᠦ᠂ ︽ᠤᠳᠠ | ᠲᠣᠭᠤᠷᠢᠭ ᠤᠨ ᠺᠠᠳ᠋ᠷ ᠤᠨ ᠬᠥᠮᠦᠵᠢᠯ ᠪᠣᠯᠪᠠᠰᠤᠷᠠᠭᠤᠯᠤᠯ ᠤᠨ ᠰᠤᠷᠤᠯᠴᠠᠬᠤ ᠰᠤᠷᠲᠠᠯ ᠤᠨ ᠬᠠᠮᠢᠶᠠᠷᠤᠯᠲᠠ ᠶᠢ ᠤᠯᠠᠮ | ᠨᠢᠭᠡ ᠠᠯᠬᠤᠮ ᠴᠢᠩᠭᠠᠳᠬᠠᠬᠤ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠲᠡᠭᠦᠯᠳᠡᠷᠵᠢᠭᠦᠯᠦᠨ᠎ᠡ᠂ | ᠦᠬᠠᠶ ᠶᠢᠨ ᠺᠠᠳ᠋ᠷ ᠤᠨ ᠭᠡᠷ ᠤᠨ ᠵᠢᠵᠢᠭ ᠪᠠᠭ᠎ᠠ ᠫᠷᠤᠭ᠍ᠷᠠᠮ ᠢᠶᠠᠷ ᠠᠵᠢᠯ ᠳᠤ ᠭᠠᠷᠬᠤ ᠶᠢ ᠡᠯᠧᠺᠲᠷᠣᠨ ᠰᠢᠯᠭᠠᠯᠲᠠ | ᠬᠢᠵᠦ᠂ ᠡᠭᠦᠨ ᠤ ᠬᠠᠮᠲᠤ ᠰᠠᠯᠠᠭᠠᠨ ᠤ ᠲᠠᠰ ᠤᠨ ᠺᠠᠳ᠋ᠷ ᠪᠣᠯᠪᠠᠰᠤᠷᠠᠭᠤᠯᠬᠤ ᠬᠢᠴᠢᠶᠡᠯ ᠤᠨ ᠴᠠᠭ ᠤᠨ ᠡᠯᠧᠺᠲᠷᠣᠨ | ᠳᠠᠩᠰᠠ ᠡᠪᠬᠡᠮᠡᠯ ᠢ ᠵᠡᠷᠭᠡ ᠳᠤᠨᠢ ᠪᠠᠶᠢᠭᠤᠯᠵᠤ᠂ ᠺᠠᠳ᠋ᠷ ᠤᠨ ᠪᠣᠯᠪᠠᠰᠤᠷᠠᠭᠤᠯᠤᠯ ᠤᠨ ᠪᠠᠶᠢᠳᠠᠯ ᠢ ᠴᠠᠭ ᠲᠤᠬᠠᠶ ᠳᠤᠨᠢ | ᠬᠥᠳᠡᠯᠦᠩᠭᠦᠶ ᠬᠠᠮᠢᠶᠠᠷᠬᠤ ᠬᠡᠷᠡᠭᠲᠡᠶ᠃ ᠡᠯ᠎ᠡ ᠨᠠᠮ ︵ᠠᠵᠤ ᠦᠢᠯᠡᠳᠪᠦᠷᠢ︶ ᠤᠨ ᠨᠠᠮ ᠤᠨ ᠬᠤᠷᠢᠶᠠᠨ ᠤ ᠳᠡᠳ᠋ | ᠱᠦᠵᠢ ᠪᠠᠷ ᠯᠧᠺᠲ᠋ᠣᠷ ᠢᠶᠠᠨ ᠪᠣᠯᠭᠠᠭᠰᠠᠨ ︽ᠬᠤᠪᠢᠰᠬᠠᠯᠲᠤ ᠪᠢᠴᠢᠯ ᠨᠠᠮ ᠤᠨ ᠰᠤᠷᠭᠠᠭᠤᠯᠢ︾ ᠶᠢ ᠪᠠᠶᠢᠭᠤᠯᠵᠤ᠂ | ᠡᠯ᠎ᠡ ᠨᠠᠮ ︵ᠠᠵᠤ ᠦᠢᠯᠡᠳᠪᠦᠷᠢ︶ ᠤᠨ ᠨᠠᠮ ᠤᠨ ᠬᠤᠷᠢᠶᠠᠨ ᠤ ᠳᠡᠳ᠋ ᠱᠦᠵᠢ ᠪᠠᠷ ᠯᠧᠺᠲ᠋ᠣᠷ ᠪᠣᠯᠭᠠᠵᠤ᠂ ᠡᠯ᠎ᠡ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ︽ᠴᠡᠭ ᠳᠠᠩ ᠬᠡᠯᠪᠡᠷᠢ︾ ᠶᠢᠨ ᠪᠣᠯᠪᠠᠰᠤᠷᠠᠯ | ᠬᠠᠩᠭᠠᠵᠦ᠂ ᠬᠡᠷᠡᠭᠴᠡᠭᠡ ᠶᠣᠰᠣᠭᠠᠷ ᠬᠠᠨᠳᠤᠯᠭᠠᠲᠤ ᠴᠢᠨᠠᠷ ᠢᠶᠠᠷ ᠴᠢᠩᠭ᠎ᠠ᠂ ᠪᠣᠳᠠᠲᠤ ᠲᠠᠮᠢᠷ ᠤᠨ ᠴᠢᠨᠠᠷ ᠢᠶᠠᠷ ᠴᠢᠩᠭ᠎ᠠ | ᠨᠠᠮ ᠤᠨ ᠳᠣᠲᠣᠭᠠᠳᠤ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠠᠩᠭᠠᠨ᠎ᠠ᠃ ᠣᠳᠣ ᠪᠣᠯᠲᠠᠯ᠎ᠠ᠂ ᠡᠯ᠎ᠡ | ᠲᠥᠷᠥᠯ ᠤᠨ ᠪᠣᠯᠪᠠᠰᠤᠷᠠᠯ ᠢ 3 ᠬᠤᠭᠤᠴᠠᠭ᠎ᠠ ᠡᠷᠬᠢᠯᠡᠵᠦ᠂ ᠦᠨᠳᠦᠰᠦᠨ ᠱᠠᠲᠤᠨ ᠳᠤ 4 ᠲᠠᠯᠠᠪᠤᠷ ᠤᠳᠠᠭ᠎ᠠ | ᠰᠤᠷᠭᠠᠭᠤᠯᠢ ᠬᠦᠷᠭᠡᠵᠦ᠂ 2500 ᠭᠠᠷᠤᠶ ᠬᠥᠮᠦᠨ ᠢ ᠪᠤᠯᠪᠠᠰᠤᠷᠠᠭᠤᠯᠪᠠ᠃ | ᠬᠤᠶᠠᠷ ᠲᠤ ᠨᠠᠮ ᠤᠨ ᠭᠡᠰᠢᠭᠦᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠺᠠᠳ᠋ᠷ ᠤᠨ | ᠲᠤᠰᠢᠶᠠᠯ ᠡᠭᠦᠷᠭᠡᠯᠡᠬᠦ ᠠᠵᠢᠯ ᠤᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠨᠠᠶᠢᠳᠠᠪᠦᠷᠢᠵᠢᠭᠤᠯᠬᠤ᠂ | ᠺᠠᠳ᠋ᠷ ᠤᠨ ᠰᠣᠯᠢᠯᠴᠠᠭ᠎ᠠ ᠶᠢ ᠦᠷᠭᠦᠯᠵᠢᠯᠡᠨ ᠴᠢᠩᠭᠠᠳᠬᠠᠵᠦ᠂ 3 ᠵᠠᠯᠠᠭᠤ ᠺᠠᠳ᠋ᠷ ᠢ ᠬᠤᠲᠠ ᠶᠢᠨ ᠰᠢᠭᠤᠳ ᠬᠠᠷᠢᠶ᠎ᠠ | ᠰᠠᠯᠠᠭ᠎ᠠ ᠮᠥᠴᠢᠷ ᠲᠤ ᠲᠣᠮᠢᠯᠠᠨ ᠲᠤᠰᠢᠶᠠᠯ ᠡᠭᠦᠷᠭᠡᠯᠡᠭᠦᠯᠦᠨ ᠪᠣᠯᠪᠠᠰᠤᠷᠠᠭᠤᠯᠤᠨ᠎ᠠ᠃ ᠬᠤᠲᠠ ᠶᠢᠨ ᠰᠢᠭᠤᠳ ᠬᠠᠷᠢᠶ᠎ᠠ | 4 ᠺᠠᠳ᠋ᠷ ᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠬᠦᠯᠢᠶᠡᠨ ᠠᠪᠴᠤ ᠲᠤᠰᠢᠶᠠᠯ ᠡᠭᠦᠷᠭᠡᠯᠡᠭᠦᠯᠦᠨ | ᠳᠠᠪᠲᠠᠨ ᠪᠣᠯᠪᠠᠰᠤᠷᠠᠭᠤᠯᠪᠠ᠃ ︽ᠲᠤᠯᠤᠭᠠᠨ ᠰᠠᠷ᠎ᠠ ᠶᠢᠨ ᠨᠢᠭᠡ︾ ᠲᠠᠢ ᠤᠶᠠᠯᠳᠤᠭᠤᠯᠤᠨ ︽ᠲᠠᠪᠤᠨ ᠨᠢᠭᠡ︾ ᠶᠢᠨ | ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠥᠷᠨᠢᠭᠦᠯᠵᠦ᠂ 14 ᠨᠠᠮ ᠤᠨ ᠭᠡᠰᠢᠭᠦᠨ ᠢ ᠬᠥᠬᠢᠭᠦᠯᠦᠨ ᠰᠠᠶᠢᠰᠢᠶᠠᠪᠠ︔ | ᠠᠵᠤ ᠠᠬᠤᠶᠢᠯᠠᠯ ᠤᠨ ᠨᠠᠮ ᠤᠨ ᠭᠡᠰᠢᠭᠦᠨ ᠳᠤ ︽ᠤᠯᠤᠰ ᠲᠥᠷᠥ ᠶᠢᠨ ᠲᠥᠷᠥᠭᠰᠡᠨ ᠡᠳᠦᠷ ᠤᠨ ᠪᠠᠶᠠᠷ︾ ᠤᠨ | ᠺᠠᠷᠲ 300 ᠭᠠᠷᠤᠶ ᠬᠠᠭᠤᠳᠠᠰᠤ᠂ ᠨᠠᠮ ᠤᠨ ᠪᠠᠶᠢᠭᠤᠯᠤᠯᠲᠠ ᠶᠢᠨ ᠨᠣᠮ 1000 ᠭᠠᠷᠤᠶ ᠳᠡᠪᠲᠡᠷ ᠪᠡᠯᠡᠭᠯᠡᠪᠡ︔ | ᠨᠠᠮ ᠤᠨ ᠡᠯ᠎ᠡ ᠵᠣᠬᠢᠶᠠᠨ ᠪᠠᠶᠢᠭᠤᠯᠤᠯᠲᠠ ᠶᠢᠨ ᠨᠠᠮ ᠤᠨ ᠭᠡᠰᠢᠭᠦᠨ 40 ᠭᠠᠷᠤᠶ ᠬᠤᠪᠢ ᠰᠣᠨᠢᠨ ᠰᠡᠳᠬᠦᠯ ᠵᠠᠬᠢᠶᠠᠯᠠᠨ | ᠦᠵᠡᠵᠦ᠂ ᠪᠥᠬᠦ ᠲᠤᠭᠤᠷᠢᠭ ᠤᠨ ᠨᠠᠮ ᠤᠨ ᠭᠡᠰᠢᠭᠦᠨ ᠢ ᠪᠦᠷᠢᠨ ᠪᠦᠷᠬᠦᠭᠦᠯᠬᠦ ᠶᠢ ᠪᠡᠶᠡᠯᠡᠭᠦᠯᠦᠭᠰᠡᠨ ᠰᠠᠭᠤᠷᠢᠨ | ᠳᠡᠭᠡᠷ᠎ᠡ᠂ ᠴᠢᠳᠠᠪᠦᠷᠢ ᠪᠠ ᠬᠡᠪ ᠴᠢᠨᠠᠷ ᠤᠨ ᠬᠤᠤᠰ ᠳᠡᠭᠡᠭᠰᠢᠯᠡᠯᠲᠡ ᠶᠢ ᠪᠡᠶᠡᠯᠡᠭᠦᠯᠦᠨ᠎ᠡ᠃ | ᠭᠤᠷᠪᠠ ᠳᠤ᠂ ᠦᠷ᠎ᠡ ᠪᠦᠲᠦᠮᠵᠢ ᠶᠢ ᠮᠥᠷᠳᠡᠨ ᠠᠰᠠᠭᠤᠬᠤ ᠲᠣᠭᠲᠠᠴᠠ ᠶᠢ ᠴᠢᠩᠭᠠᠳᠬᠠᠨ᠎ᠠ᠃ ᠠᠷᠭ᠎ᠠ | ᠬᠡᠮᠵᠢᠶ᠎ᠡ ᠵᠢᠴᠢ ᠡᠭᠦᠷᠭᠡ ᠶᠢᠨ ᠵᠠᠳᠠᠯᠤᠯᠲᠠ ᠶᠢᠨ ᠲᠥᠰᠦᠯ᠂ ᠤᠳᠠ ᠲᠣᠭᠤᠷᠢᠭ ᠤᠨ ᠨᠠᠮ ᠪᠠ ᠣᠯᠠᠨ ᠲᠦᠮᠡᠨ ᠤ | ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ᠵᠡᠷᠭᠡ ᠳᠦᠷᠢᠮ ᠢ | ᠲᠤᠭᠤᠰᠢᠯᠠᠭᠤᠯᠣᠨ ᠨᠠᠶᠢᠳᠠᠪᠦᠷᠢᠵᠢᠭᠤᠯᠬᠤ᠂ ︽ᠬᠠᠮᠤᠭ ᠤᠨ ᠬᠦᠴᠦᠷᠬᠡᠭ ᠨᠠᠮ ᠤᠨ ᠡᠭᠦᠷ︾ ᠤᠨ ᠪᠠᠶᠢᠭᠤᠯᠤᠯᠲᠠ᠂ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ | ᠠᠵᠢᠯ ᠤᠨ ᠭᠠᠷ ᠳᠡᠪᠲᠡᠷ 540 ᠳᠡᠪᠲᠡᠷ ᠲᠠᠷᠬᠠᠭᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ | ᠲᠦᠷᠢᠮ ᠤᠨ ᠠᠵᠢᠯᠯᠠᠭᠠᠨ ᠢ ᠤᠯᠠᠮ ᠨᠢᠭᠡ ᠠᠯᠬᠤᠮ ᠵᠢᠷᠦᠮᠵᠢᠭᠤᠯᠤᠨ᠎ᠠ᠃ ︽1+12+N︾ ᠨᠠᠮ ᠤᠨ | ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠰᠢᠰᠲ᠋ᠧᠮ ᠢ ᠰᠢᠯᠢᠳᠡᠭᠵᠢᠭᠦᠯᠵᠦ᠂ ᠨᠠᠮ ᠤᠨ | ᠪᠠᠶᠢᠭᠤᠯᠤᠯᠲᠠ ᠶᠢᠨ ᠳᠦᠷᠢᠮ ᠤᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠤᠯᠠᠷᠢᠯ ᠢᠶᠠᠷ 3 | ᠤᠳᠠᠭ᠎ᠠ ᠬᠠᠷᠢᠯᠴᠠᠨ ᠪᠠᠶᠢᠴᠠᠭᠠᠯᠲᠠ ᠬᠢᠵᠦ᠂ ᠲᠤᠬᠠᠶ ᠶᠢᠨ ᠲᠠᠯᠠᠪᠤᠷ ᠲᠤ ᠬᠠᠷᠢᠭᠤ ᠲᠤᠰᠬᠠᠭᠰᠠᠨ 10 ᠭᠠᠷᠤᠶ | ᠵᠦᠢᠯ ᠤᠨ ᠠᠰᠠᠭᠤᠳᠠᠯ ᠳᠤ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠬᠦ ᠶᠢ ᠬᠡᠷᠡᠭᠵᠢᠭᠦᠯᠵᠦ᠂ ︽ᠭᠤᠷᠪᠠᠨ ᠬᠤᠷᠠᠯ | ᠨᠢᠭᠡ ᠬᠢᠴᠢᠶᠡᠯ︾᠂ ᠭᠤᠤᠯ ᠰᠡᠳᠦᠪ ᠨᠠᠮ ᠤᠨ ᠡᠳᠦᠷ ᠵᠡᠷᠭᠡ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ | ᠠᠮᠢᠳᠤᠷᠠᠯ ᠢ ᠤᠯᠠᠮ ᠨᠢᠭᠡ ᠠᠯᠬᠤᠮ ᠵᠢᠷᠤᠮᠵᠢᠭᠤᠯᠪᠠ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ︽ | 1+5︾ ᠳᠦᠷᠢᠮ ᠢ ᠨᠠᠶᠢᠳᠠᠪᠤᠷᠢᠵᠢᠭᠤᠯᠬᠤ ᠱᠠᠭᠠᠷᠳᠠᠯᠭ᠎ᠠ ᠶᠣᠰᠣᠭᠠᠷ᠂ ᠭᠤᠷᠪᠠᠨ ᠱᠠᠲᠤᠨ ᠤ ᠬᠠᠮᠲᠤᠷᠠᠭᠰᠠᠨ | ᠬᠤᠷᠠᠯ ᠤᠨ ᠲᠦᠷᠢᠮ ᠢ ᠰᠢᠯᠢᠳᠡᠭᠵᠢᠭᠦᠯᠵᠦ᠂ ᠦᠨᠳᠦᠰᠦᠨ ᠱᠠᠲᠤᠨ ᠤ ᠨᠠᠮ ᠤᠨ ᠤ ᠠᠶᠢᠭᠤᠯᠤᠯᠲᠠ ᠶᠢᠨ ︽ | ᠰᠠᠷ᠎ᠠ ᠶᠢᠨ ᠰᠠᠨᠠᠭᠤᠯᠤᠮᠵᠢ︾᠂ ︽ᠤᠯᠠᠷᠢᠯ ᠤᠨ ᠲᠣᠬᠢᠷᠠᠭᠤᠯᠤᠯᠲᠠ︾᠂ ︽ᠣᠨ ᠤ ᠲᠤᠰᠢᠶᠠᠯ ᠢᠶᠠᠨ ᠮᠡᠳᠡᠭᠦᠯᠬᠦ︾ | ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ | ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠨ᠎ᠠ᠃ | |