ᠮᠧᠢ ᠳ᠋ᠥᠸᠧ ᠳ᠋ᠥᠸᠧ ᠨᠡᠭᠦᠷᠡᠰᠦᠨ ᠤ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠵᠢᠩᠬᠢᠨᠢ ᠪᠠᠷ ᠠᠰᠢᠭᠯᠠᠯᠲᠠ ᠳᠤ ᠣᠷᠣᠵᠤ ᠲᠤᠷᠰᠢᠨ ᠠᠵᠢᠯᠯᠠᠪᠠ
ᠨᠡᠶᠢᠲᠡᠯᠡᠭᠰᠡᠨ ᠴᠠᠭ᠄
2020/11/24
     ᠶᠡᠷᠦᠩᠬᠡᠶ ᠪᠡᠯᠡ ᠣᠷᠣᠭᠤᠯᠤᠯᠲᠠ ᠨᠢ 4 ᠳ᠋ᠦᠩᠰᠢᠭᠤᠷ ᠲᠥᠭᠦᠷᠢᠭ ᠤᠨ ᠮᠧᠢ ᠳ᠋ᠥᠸᠧ ᠳ᠋ᠥᠸᠧ ᠨᠡᠭᠦᠷᠡᠰᠦᠨ ᠤ ᠡᠳ᠋ ᠪᠠᠷᠠᠭᠠᠨ ᠭᠦᠢᠯᠭᠡᠭᠡᠨ ᠤ ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠨᠢ ᠤᠳᠠ ᠲᠣᠭᠤᠷᠢᠭ ᠤᠨ ᠡᠤ ᠬᠤ᠋ ᠱᠠᠨ ᠤ ᠨᠡᠭᠦᠷᠡᠰᠦᠨ ᠤ ᠠᠷᠠᠯᠵᠢᠶᠠᠨ ᠤ ᠵᠠᠬ᠎ᠠ ᠳᠡᠯᠭᠡᠭᠦᠷ ᠲᠤ ᠪᠠᠶᠢᠷᠢᠯᠠᠨ᠎ᠠ᠃ ᠨᠡᠭᠦᠷᠡᠰᠦ ᠠᠷᠠᠯᠵᠢᠶᠠᠯᠠᠬᠤ᠂ ᠪᠠᠷᠠᠭ᠎ᠠ ᠶᠢᠨ ᠭᠦᠢᠯᠭᠡᠭᠡ᠂ ᠬᠥᠮᠥᠷᠭᠡᠯᠡᠬᠦ᠂ ᠡᠳ᠋ᠰᠢᠭᠦᠯᠬᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ᠂ ᠬᠠᠩᠭᠠᠯᠭ᠎ᠠ ᠶᠢᠨ ᠬᠡᠯᠬᠢᠶᠡᠲᠦ ᠮᠥᠩᠭᠦᠨ ᠭᠦᠢᠯᠭᠡᠭᠡ᠂ ᠡᠯᠧᠺᠲᠷᠣᠨ ᠬᠤᠳᠠᠯᠳᠤᠭᠠᠨ ᠤ ᠲᠠᠪᠴᠠᠩ ᠢ ︽ᠳᠣᠯᠤᠭ᠎ᠠ ᠶᠢ ᠨᠢᠭᠡ ᠴᠣᠭᠴᠠᠵᠢᠭᠤᠯᠤᠭᠰᠠᠨ︾ ᠶᠡᠷᠦᠩᠬᠡᠶᠢᠯᠡᠭᠰᠡᠨ ᠴᠢᠨᠠᠷᠲᠠᠢ ᠨᠡᠭᠦᠷᠡᠰᠦᠨ ᠤ ᠪᠠᠷᠠᠭ᠎ᠠ ᠶᠢᠨ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠪᠣᠯᠤᠨ᠎ᠠ᠃ ᠲᠣᠰ ᠲᠥᠷᠥᠯ  ᠵᠦᠢᠯ ᠢ ᠬᠤᠶᠠᠷ ᠬᠤᠭᠤᠴᠠᠭ᠎ᠠ ᠬᠤᠪᠢᠶᠠᠨ ᠪᠥᠲᠥᠭᠡᠨ ᠪᠠᠶᠢᠭᠤᠯᠵᠤ᠂ ᠪᠥᠲᠥᠭᠡᠨ ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭ᠎ᠠ ᠨᠢ 2020 ᠣᠨ ᠠᠴᠠ 2021 ᠣᠨ ᠪᠣᠯᠤᠨ᠎ᠠ᠃ ᠡᠨᠡ ᠵᠢᠯ 5 ᠨᠡᠭᠦᠷᠡᠰᠦᠨ ᠤ ᠫᠧᠩ ᠪᠠᠶᠢᠭᠤᠯᠬᠤ ᠪᠠᠷ ᠲᠥᠯᠥᠪᠯᠡᠵᠦ ᠂ ᠣᠳᠣᠬᠠᠨ ᠳᠤ᠂ 2᠂ 3᠂ 5 ᠳ᠋ᠤᠭᠠᠷ ᠨᠣᠮᠧᠷᠲᠤ ᠨᠡᠭᠦᠷᠡᠰᠦᠨ ᠫᠧᠩ ᠨᠢᠭᠡᠨᠲᠡ ᠵᠢᠩᠬᠢᠨᠢ ᠪᠠᠷ ᠠᠰᠢᠭᠯᠠᠯᠲᠠ ᠳᠤ ᠤᠷᠤᠵᠦ ᠲᠤᠷᠰᠢᠨ ᠡᠵᠡᠩᠨᠡᠵᠦ᠂ 4 ᠳ᠋ᠦᠭᠡᠷ ᠨᠣᠮᠧᠷᠲᠤ ᠨᠡᠭᠦᠷᠡᠰᠦᠨ ᠫᠧᠩ ᠶᠠᠭ ᠪᠦᠷᠬᠦᠭᠦᠯ ᠳᠡᠪᠢᠰᠬᠦ ᠠᠵᠢᠯ ᠬᠢᠵᠦ ᠪᠠᠶᠢᠨ᠎ᠠ᠃ ᠵᠢᠱᠢᠯᠲᠡ ᠪᠠᠷ 11 ᠰᠠᠷ᠎ᠠ ᠶᠢᠨ ᠰᠡᠭᠦᠯᠴᠢ ᠪᠠᠷ ᠳᠠᠭᠤᠰᠬᠠᠨ᠎ᠠ᠃ ᠲᠥᠷᠥᠯ ᠵᠦᠢᠯ ᠢ ᠪᠦᠬᠦᠨ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ 1000 ᠨᠡᠭᠦᠷᠡᠰᠦ ᠵᠦᠭᠡᠭᠡᠪᠦᠷᠢᠯᠡᠬᠦ ᠲᠡᠷᠭᠡ ᠶᠢ ᠠᠴᠢᠶᠠᠯᠠᠵᠤ ᠪᠣᠯᠤᠨ᠎ᠠ᠂ 45 ᠲᠦᠮᠡᠨ ᠲᠣᠨ ᠨᠡᠭᠦᠷᠡᠰᠦ ᠬᠠᠳᠠᠭᠠᠯᠠᠵᠤ᠂ ᠵᠢᠯ ᠤᠨ ᠨᠡᠭᠦᠷᠡᠰᠦ ᠣᠷᠣᠭᠤᠯᠵᠤ ᠭᠠᠷᠭᠠᠬᠤ ᠬᠡᠮᠵᠢᠶ᠎ᠡ 1500 ᠲᠦᠮᠡᠨ ᠲᠣᠨ ᠡᠵᠡᠩᠨᠡᠯᠲᠡ ᠶᠢᠨ ᠬᠡᠮᠵᠢᠶ᠎ᠡ ᠶᠢ 45 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠭᠠᠶᠢᠯᠢ ᠲᠠᠲᠠᠪᠤᠷᠢ ᠶᠢ 2 ᠳ᠋ᠦᠩᠰᠢᠭᠤᠷ ᠲᠥᠭᠦᠷᠢᠭ ᠪᠡᠶᠡᠯᠡᠭᠦᠯᠦᠨ᠎ᠡ᠃    
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号