ᠤᠳᠠ ᠲᠣᠭᠤᠷᠢᠭ ᠤᠨ ᠬᠢᠨ ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠦᠭᠡᠢ ᠪᠣᠬᠢᠷᠲᠤᠭᠰᠠᠨ ᠠᠵᠤ ᠠᠬᠤᠶᠢᠯᠠᠯ ︵ᠬᠤᠪᠢ ᠶᠢᠨ ᠨᠡᠭᠦᠷᠡᠰᠦ ᠣᠪᠣᠭᠠᠯᠠᠬᠤ ᠲᠠᠯᠠᠪᠠᠢ︶ ᠢ ᠴᠡᠪᠡᠷᠯᠡᠨ ᠬᠦᠴᠦᠨ ᠦᠭᠡᠢ ᠪᠣᠯᠭᠠᠬᠤ ᠡᠷᠴᠢᠮ ᠢᠶᠠᠨ ᠴᠢᠩᠭᠠᠷᠠᠭᠤᠯᠵᠦ᠂ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ
ᠨᠡᠶᠢᠲᠡᠯᠡᠭᠰᠡᠨ ᠴᠠᠭ᠄
2020/11/24
     ᠤᠶᠢᠷ᠎ᠠ ᠶᠢᠨ ᠬᠤᠭᠤᠴᠠᠭᠠᠨ ᠳᠤ᠂ ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠦᠭᠡᠶ ᠪᠣᠬᠢᠷᠲᠤᠯ ᠲᠠᠢ ᠠᠵᠤ ᠠᠬᠤᠶᠢᠯᠠᠯ ︵ᠬᠤᠪᠢ ᠶᠢᠨ ᠨᠡᠭᠦᠷᠡᠰᠦ ᠣᠪᠣᠭᠠᠯᠠᠬᠤ ᠲᠠᠯᠠᠪᠠᠶ︶ ᠢ ᠣᠯᠠᠨᠲᠠ ᠴᠠᠭᠠᠵᠠᠯᠠᠭᠰᠠᠨ ᠪᠣᠯᠪᠠᠴᠤ ᠳᠠᠬᠢᠨ ᠨᠣᠴᠣᠬᠤ ᠦᠵᠡᠭᠳᠡᠯ ᠨᠡᠯᠢᠶᠡᠳ ᠬᠦᠨᠳᠦ ᠨᠣᠴᠢᠲᠠᠶ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠤᠳᠠ ᠲᠣᠭᠤᠷᠢᠭ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠠᠷᠢᠶ᠎ᠠ ᠣᠷᠣᠨ ᠤ ᠪᠠᠨ ᠰᠤᠯᠠ ᠪᠠᠶᠢᠭ᠎ᠠ ᠦᠢᠯᠡᠳᠪᠦᠷᠢ ᠶᠢᠨ ᠭᠡᠷ ᠪᠠᠶᠢᠰᠢᠩ ᠢ ᠠᠰᠢᠭᠯᠠᠨ ᠨᠡᠭᠦᠷᠡᠰᠦ ᠣᠪᠣᠭᠠᠯᠠᠨ ᠬᠠᠳᠠᠭᠠᠯᠠᠬᠤ᠂ ᠬᠡᠮᠬᠡᠷᠡᠬᠦ᠂ ᠰᠢᠭᠰᠢᠨ ᠬᠤᠪᠢᠶᠠᠬᠤ ᠵᠡᠷᠭᠡ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠡᠷᠴᠢᠮ ᠢ ᠨᠡᠮᠡᠭᠳᠡᠭᠦᠯᠵᠡᠶ᠃ ᠪᠠᠶᠢᠳᠠᠯ ᠢ ᠣᠶᠢᠯᠠᠭᠠᠵᠤ ᠪᠠᠶᠢᠴᠠᠭᠠᠬᠤ᠂ ᠲᠤᠬᠠᠶ ᠶᠢᠨ ᠲᠠᠯᠠᠪᠠᠢ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠬᠦ᠂ ︽ᠬᠤᠭᠤᠴᠠᠭ᠎ᠠ ᠲᠣᠭᠲᠠᠭᠠᠨ ᠢᠯᠭᠠᠷᠠᠭᠤᠯᠬᠤ ᠮᠡᠳᠡᠭᠳᠡᠯ ᠤᠨ ᠪᠢᠴᠢᠭ︾ ᠪᠠᠭᠤᠯᠭᠠᠬᠤ ᠵᠡᠷᠭᠡ ᠠᠯᠢ ᠣᠯᠠᠨ ᠠᠷᠭ᠎ᠠ ᠬᠡᠮᠵᠢᠶ᠎ᠡ ᠠᠪᠴᠤ᠂ ᠨᠢᠭᠡᠨᠲᠡ 11 ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠦᠭᠡᠶ ᠪᠣᠬᠢᠷᠲᠤᠯ ᠲᠠᠢ ᠠᠵᠤ ᠠᠬᠤᠶᠢᠯᠠᠯ ︵ᠬᠤᠪᠢ ᠪᠠᠷ ᠨᠡᠭᠦᠷᠡᠰᠦ ᠣᠪᠣᠭᠠᠯᠠᠬᠤ ᠲᠠᠯᠠᠪᠠᠶ︶ ᠢ ᠴᠡᠪᠡᠷᠯᠡᠨ ᠦᠭᠡᠶᠢᠰᠬᠡᠵᠦ᠂ ᠬᠠᠷᠢᠶ᠎ᠠ ᠣᠷᠣᠨ ᠤ ᠳᠣᠲᠣᠷᠠᠬᠢ ᠠᠵᠤ ᠠᠬᠤᠶᠢᠯᠠᠯ ᠤᠨ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠡᠶ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号