ᠤᠳᠠ ᠲᠣᠭᠤᠷᠢᠭ ᠴᠡᠷᠢᠭ ᠠᠴᠠ ᠬᠠᠯᠠᠭᠳᠠᠭᠰᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/11/24
     11 ᠰᠠᠷ᠎ᠠ ᠶᠢᠨ 16 ᠤ ᠡᠳᠦᠷ᠂ ᠤᠳᠠ ᠲᠣᠭᠤᠷᠢᠭ ᠴᠡᠷᠢᠭ ᠤᠨ ᠠᠯᠪᠠ ᠠᠴᠠ ᠬᠠᠯᠠᠭᠳᠠᠭᠰᠠᠳ ᠵᠢᠴᠢ ᠲᠡᠭᠦᠨ ᠤ ᠬᠡᠷ ᠪᠦᠯᠢ ᠶᠢᠨ ᠬᠢᠨ᠂ ᠰᠠᠭᠤᠭᠠᠯᠢ ᠠᠷᠠᠳ ᠲᠦᠮᠡᠨ ᠢ ᠵᠣᠬᠢᠶᠠᠨ ᠪᠠᠶᠢᠭᠤᠯᠵᠤ ︽ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ᠂ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠨᠡᠮᠡᠭᠳᠡᠭᠦᠯᠬᠦ︾ ᠪᠠᠷ ᠭᠤᠤᠯ ᠰᠡᠳᠦᠪ ᠪᠤᠯᠭᠠᠭᠰᠠᠨ ᠲᠠᠶᠢᠯᠤᠮᠵᠢ ᠬᠢᠵᠦ᠂ ᠨᠡᠶᠢᠲᠡ 30 ᠭᠠᠷᠤᠶ ᠬᠥᠮᠦᠨ ᠣᠷᠣᠯᠴᠠᠵᠠᠶ᠃ ᠲᠠᠶᠢᠯᠤᠮᠵᠢ ᠳᠤᠮᠳᠠ᠂ ᠡᠩ ᠲᠡᠷᠢᠭᠦᠨ ᠳᠤ ᠣᠯᠠᠨ ᠳᠤ ᠴᠡᠷᠢᠭ ᠲᠤ ᠣᠷᠣᠵᠤ ᠨᠡᠷ᠎ᠡ ᠮᠡᠳᠡᠭᠦᠯᠬᠦ ᠨᠥᠬᠦᠴᠡᠯ᠂ ᠪᠡᠶ᠎ᠡ ᠶᠢᠨ ᠪᠠᠶᠢᠴᠠᠭᠠᠯᠲᠠ᠂ ᠤᠯᠤᠰ ᠲᠥᠷᠥ ᠶᠢᠨ ᠬᠢᠨᠠᠯᠲᠠ᠂ ᠵᠢᠩᠬᠢᠨᠢ ᠠᠯᠪᠠ᠂ ᠴᠡᠷᠢᠭ ᠠᠴᠠ ᠬᠠᠯᠠᠭᠳᠠᠭᠰᠠᠳ ᠤᠨ ᠡᠯ᠎ᠡ ᠵᠦᠢᠯ ᠤᠨ ᠬᠠᠷᠠᠭᠠᠯᠵᠠᠯ ᠠᠰᠠᠷᠠᠮᠵᠢ ᠶᠢᠨ ᠲᠥᠷᠥ ᠶᠢᠨ ᠪᠣᠳᠣᠯᠭ᠎ᠠ ᠶᠢ ᠲᠠᠨᠢᠯᠴᠠᠭᠤᠯᠵᠤ᠂ ᠨᠥᠬᠦᠴᠡᠯ ᠳᠤ ᠨᠡᠶᠢᠴᠡᠬᠦ ᠵᠣᠬᠢᠬᠤ ᠨᠠᠰᠤᠨ ᠤ ᠵᠠᠯᠠᠭᠤᠴᠤᠳ ᠤᠨ ᠴᠡᠷᠢᠭ ᠲᠤ ᠢᠳᠡᠪᠬᠢᠲᠡᠶ ᠣᠷᠣᠯᠴᠠᠬᠤ ᠶᠢ ᠵᠤᠷᠢᠭᠵᠢᠭᠤᠯᠪᠠ︔ ᠳᠠᠷᠠᠭ᠎ᠠ ᠨᠢ ᠵᠠᠩ ᠹᠦ᠋ ᠴᠢᠩ ᠨᠥᠬᠦᠷ ᠤᠨ ᠪᠠᠭᠠᠲᠤᠷᠯᠢᠭ ᠦᠢᠯᠡ ᠠᠵᠢᠯᠯᠠᠭ᠎ᠠ ᠶᠢ ᠣᠯᠠᠨ ᠳᠤ ᠶᠠᠷᠢᠵᠤ᠂ ᠨᠢᠭᠡᠨ ᠰᠠᠶᠢᠨ ᠨᠠᠮ ᠤᠨ ᠭᠡᠰᠢᠭᠦᠨ᠂ ᠰᠠᠶᠢᠨ ᠴᠡᠷᠢᠭ᠂ ᠰᠠᠶᠢᠨ ᠺᠠᠳ᠋ᠷ ᠤᠨ ᠭᠡᠷᠡᠯ ᠰᠠᠴᠤᠷᠠᠩᠭᠤᠶ ᠳᠦᠷᠢ ᠲᠥᠷᠬᠦ ᠶᠢ ᠠᠮᠢᠳᠤᠯᠢᠭ ᠢᠶᠠᠷ ᠢᠯᠡᠷᠡᠭᠦᠯᠪᠡ᠃ ᠲᠤᠰ ᠤᠳᠠᠭᠠᠨ ᠤ ᠲᠠᠶᠢᠯᠤᠮᠵᠢ ᠨᠢ ᠤᠯᠠᠨ ᠳᠤ ᠴᠡᠷᠢᠭ ᠠᠩᠬᠢ ᠪᠠ ᠴᠡᠷᠢᠭ ᠤᠨ ᠬᠥᠮᠦᠨ ᠤ ᠴᠢᠬᠤᠯᠠ ᠴᠢᠨᠠᠷ ᠢ ᠲᠠᠨᠢᠭᠤᠯᠵᠦ᠂ ᠲᠤᠰ ᠪᠡᠶ᠎ᠡ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠪᠣᠯᠤᠨ ᠴᠡᠷᠢᠭ ᠢᠶᠠᠨ ᠬᠦᠷᠢᠶᠡᠯᠡᠨ ᠵᠠᠰᠠᠭ ᠢ ᠬᠦᠷᠢᠶᠡᠯᠡᠬᠦ ᠬᠠᠯᠠᠭᠤᠨ ᠰᠡᠳᠬᠢᠯᠭᠡ ᠪᠠᠨ ᠦᠨᠡᠨ ᠬᠦ ᠨᠡᠮᠡᠭᠳᠡᠭᠦᠯᠪᠡ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号