ᠶᠦᠩ ᠴᠠᠩ ᠵᠢᠶᠠ ᠶᠤᠸᠠᠨ ᠨᠡᠶᠢᠭᠡᠮ ᠲᠣᠭᠤᠷᠢᠭ ᠲᠤᠤᠷᠴᠢᠯᠠᠭᠰᠠᠨ ᠦᠢᠯᠡᠴᠢᠯᠡᠭᠡᠨ ᠤ ᠫᠠᠶᠢᠰᠠᠨ ᠤᠭᠰᠠᠷᠠᠵᠤ ᠰᠠᠭᠤᠭᠠᠯᠢ ᠠᠷᠠᠳ ᠲᠤ ᠦᠢᠯᠡᠴᠢᠯᠡᠪᠡ
ᠨᠡᠶᠢᠲᠡᠯᠡᠭᠰᠡᠨ ᠴᠠᠭ᠄
2020/12/1
     ᠣᠯᠠᠨ ᠲᠦᠮᠡᠨ ᠲᠠᠢ ᠤᠯᠠᠮ ᠨᠢᠭᠡ ᠠᠯᠬᠤᠮ ᠨᠢᠭᠲᠠ ᠬᠠᠷᠢᠯᠴᠠᠵᠤ᠂ ᠣᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ︽ᠬᠤᠶᠠᠷ ᠢ ᠳᠡᠭᠡᠭᠰᠢᠯᠡᠭᠦᠯᠬᠦ︾ ᠶᠢᠨ ᠲᠦᠯᠦᠭᠡ᠂ 2020 ᠣᠨ ᠤ 11 ᠰᠠᠷ᠎ᠠ ᠳᠤ᠂ ᠶᠦᠩ ᠴᠠᠩ ᠵᠢᠶᠠ ᠶᠤᠸᠠᠨ ᠨᠡᠶᠢᠭᠡᠮ ᠲᠣᠭᠤᠷᠢᠭ ᠨᠢ ᠬᠠᠷᠢᠶᠠᠲᠤ ᠣᠷᠣᠨ ᠤ ︽ᠲᠤᠤᠷᠴᠢᠯᠠᠭᠰᠠᠨ ᠦᠢᠯᠡᠴᠢᠯᠡᠭᠡᠨ ᠤ ᠫᠠᠶᠢᠰᠠ︾ ᠤᠭᠰᠠᠷᠠᠵᠤ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠨᠡᠶᠢᠳᠡᠮ ᠪᠦᠷᠬᠦᠭᠦᠯᠬᠦ ᠶᠢ ᠪᠡᠶᠠᠯᠡᠭᠦᠯᠪᠡ᠃      ᠶᠦᠩ ᠴᠠᠩ ᠵᠢᠶᠠ ᠶᠤᠸᠠᠨ ᠲᠣᠭᠤᠷᠢᠭ ᠲᠤ ᠣᠷᠣᠪᠠᠯ᠂ ︽ᠲᠤᠤᠷᠴᠢᠯᠠᠭᠰᠠᠨ ᠦᠢᠯᠡᠴᠢᠯᠡᠭᠡᠨ ᠤ ᠫᠠᠶᠢᠰᠠ︾ ᠶᠢ ᠤᠷᠤᠵᠦ ᠭᠠᠷᠬᠤ ᠡᠭᠦᠳᠡᠨ ᠨᠠᠭᠠᠭᠰᠠᠨ ᠢ ᠣᠯᠵᠤ ᠬᠠᠷᠠᠪᠠ᠃ ᠦᠢᠯᠡᠴᠢᠯᠡᠭᠡᠨ ᠤ ᠫᠠᠶᠢᠰᠠ ᠳᠡᠭᠡᠷ᠎ᠡ ᠨᠡᠶᠢᠭᠡᠮ ᠲᠣᠭᠤᠷᠢᠭ ᠤᠨ ᠲᠤᠤᠷᠯᠢᠭᠴᠢ ᠶᠢᠨ ᠳᠠᠷᠤᠭ᠎ᠠ᠂ ᠲᠤᠤᠷᠯᠢᠭᠴᠢ ᠪᠠ ᠲᠤᠤᠷᠯᠢᠭᠴᠢ ᠶᠢᠨ ᠠᠷᠠᠳ ᠤᠨ ᠴᠠᠭᠳᠠᠭ᠎ᠠ ᠶᠢᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠪᠠ ᠬᠠᠷᠢᠭᠤᠴᠠᠵᠤ ᠪᠠᠶᠢᠭ᠎ᠠ  ᠲᠤᠤᠷᠯᠢᠭ ᠤᠨ ᠬᠡᠪᠴᠢᠶ᠎ᠡ ᠨᠢ ᠰᠠᠭᠤᠭᠠᠯᠢ ᠠᠷᠠᠳ ᠲᠤ ᠬᠠᠮᠤᠭ ᠤᠨ ᠰᠢᠭᠤᠳ ᠲᠣᠳᠣᠷᠬᠠᠶᠢᠯᠠᠯᠲᠠ ᠬᠢᠵᠦ  ᠂  ᠰᠠᠭᠤᠭᠠᠯᠢ ᠠᠷᠠᠳ ᠤᠨ ᠬᠡᠷᠡᠭᠴᠡᠭᠡ ᠶᠢ ᠦᠨᠡᠨᠬᠦ ᠪᠠᠲᠤᠯᠠᠵᠦ᠂ ᠬᠡᠵᠢᠶ᠎ᠡ ᠴᠦ ᠬᠡᠰᠡᠨ ᠬᠠᠷᠠᠭᠠᠯᠵᠠᠭᠰᠠᠨ ᠦᠢᠯᠡᠴᠢᠯᠡᠭᠡ ᠶᠢ ᠡᠷᠢᠵᠦ ᠣᠯᠬᠤ ᠶᠢ ᠪᠠᠲᠤᠯᠠᠨ᠎ᠠ᠃      ᠲᠤᠤᠷᠴᠢᠯᠠᠭᠰᠠᠨ ᠦᠢᠯᠡᠴᠢᠯᠡᠭᠡᠨ ᠤ ᠫᠠᠶᠢᠰᠠ ᠨᠢ ᠨᠡᠶᠢᠭᠡᠮ ᠲᠣᠭᠤᠷᠢᠭ ᠪᠣᠯᠤᠨ ᠰᠠᠭᠤᠭᠠᠯᠢ ᠠᠷᠠᠳ ᠤᠨ ᠬᠤᠭᠤᠷᠤᠨᠲᠤᠬᠢ ᠨᠡᠪᠲᠡᠷᠡᠯᠴᠡᠭᠡ ᠰᠣᠯᠢᠯᠴᠠᠭ᠎ᠠ ᠳᠤ ᠨᠡᠯᠢᠶᠡᠳ ᠰᠠᠶᠢᠨ ᠲᠠᠪᠴᠠᠩ ᠬᠠᠩᠭᠠᠵᠠᠢ᠃ ᠨᠡᠶᠢᠭᠡᠮ ᠲᠣᠭᠤᠷᠢᠭ ᠤᠨ ᠲᠤᠤᠷᠯᠢᠭᠴᠢ ᠶᠢᠨ ᠳᠠᠷᠤᠭ᠎ᠠ᠂ ᠲᠤᠤᠷᠯᠢᠭᠴᠢ ᠶᠢᠨ ᠰᠠᠭᠤᠭᠠᠯᠢ ᠠᠷᠠᠳ ᠤᠨ ᠲᠤᠳᠤᠷᠠᠬᠢ ᠬᠠᠷᠢᠭᠤᠴᠠᠯᠭᠠᠲᠤ ᠤᠬᠠᠮᠰᠠᠷ ᠢ ᠳᠡᠭᠡᠭᠰᠢᠯᠡᠭᠦᠯᠵᠦ᠂ ᠲᠤᠤᠷᠯᠢᠵᠢ ᠶᠢᠨ ᠡᠬᠢ ᠪᠠᠶᠠᠯᠢᠭ ᠢ ᠪᠦᠲᠦᠮᠵᠢᠲᠡᠶ ᠠᠰᠢᠭᠯᠠ ᠠᠷᠠᠳ ᠤᠨ ᠪᠠᠶᠢᠳᠠᠯ ᠢ ᠣᠶᠢᠯᠠᠭᠠᠵᠤ᠂ ᠰᠠᠭᠤᠭᠠᠯᠢ ᠠᠷᠠᠳ ᠲᠤ ᠦᠢᠯᠡᠴᠢᠯᠡᠵᠦ᠂ ᠠᠷᠠᠳ ᠲᠤ ᠲᠥᠬᠦᠮ ᠦᠵᠡᠭᠦᠯᠬᠦ  ᠦᠢᠯᠡᠴᠢᠯᠡᠭᠡ ᠶᠢ ᠨᠠᠩ ᠬᠥᠮᠥᠡᠯᠢᠭ ᠪᠣᠯᠭᠠᠵᠤ᠂ ᠨᠠᠩ ᠳᠥᠭᠦᠮ ᠳᠥᠲᠡ ᠪᠤᠯᠭᠠᠵᠦ᠂ ᠡᠭᠦᠨ ᠤ ᠬᠠᠮᠲᠤ ᠨᠡᠶᠢᠭᠡᠮ ᠲᠣᠭᠤᠷᠢᠭ ᠤᠨ ᠲᠤᠤᠷᠴᠢᠯᠠᠭᠰᠠᠨ ᠦᠢᠯᠡᠴᠢᠯᠡᠭᠡ ᠶᠢ ᠳᠡᠭᠡᠭᠰᠢᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠠᠶ᠃ ᠶᠦᠩ ᠴᠠᠩ ᠵᠢᠶᠠ ᠶᠤᠸᠠᠨ ᠨᠡᠶᠢᠭᠡᠮ ᠲᠣᠭᠤᠷᠢᠭ ᠤᠨ ᠣᠯᠠᠨ ᠲᠦᠮᠡᠨ ᠲᠠᠢ ᠨᠢᠭᠲᠠ ᠬᠠᠷᠢᠯᠴᠠᠬᠤ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠬᠦᠴᠢᠷ ᠠᠰᠠᠭᠤᠳᠠᠯ ᠢ ᠨᠠᠩ ᠪᠦᠳᠦᠮᠵᠢᠲᠠᠢ ᠰᠢᠢᠳᠪᠦᠷᠢᠯᠡᠵᠦ ᠥᠭᠴᠡᠶ᠃
 
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号