ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ᠄ ᠥᠪᠥᠷ ᠮᠣᠩᠭᠤᠯ ᠤᠨ ᠡᠳᠦᠷ ᠤᠨ ᠰᠣᠨᠢᠨ ᠤᠳᠠ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠬᠠᠨ ᠯᠢ ᠫᠢᠩ ᠢ ᠲᠤᠰᠬᠠᠶᠢᠯᠠᠨ ᠰᠤᠷᠪᠤᠯᠵᠢᠯᠠᠪᠠ
ᠨᠡᠶᠢᠲᠡᠯᠡᠭᠰᠡᠨ ᠴᠠᠭ᠄
2020/12/15
     ᠤᠳᠠ ᠲᠣᠭᠤᠷᠢᠭ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠪᠠᠲᠤᠲᠠᠢ ᠦᠢᠯᠡᠳᠦᠯᠭᠡᠵᠢᠭᠦᠯᠵᠦ ᠭᠠᠵᠠᠷ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ      ᠨᠡᠭᠦᠷᠡᠰᠦᠨ ᠬᠡᠦᠷᠡᠰᠦ ᠶᠢᠨ ᠬᠢᠮᠢ ᠶᠢᠨ ᠠᠵᠤ ᠦᠢᠯᠡᠳᠪᠦᠷᠢ᠂ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠪᠠᠷ ᠭᠤᠣᠯ ᠪᠣᠯᠭᠠᠭᠰᠠᠨ ᠠᠵᠤ ᠦᠢᠯᠡᠳᠪᠦᠷᠢ ᠶᠢᠨ ᠣᠷᠣᠨ ᠪᠣᠯᠤᠭᠰᠠᠨ ᠤ ᠬᠤᠪᠢ ᠳᠤ᠂ ᠦᠬᠠᠶ ᠬᠤᠲᠠ ᠶᠢᠨ ᠤᠳᠠ ᠲᠣᠭᠤᠷᠢᠭ ᠬᠡᠷᠬᠢᠨ ᠪᠣᠳᠠᠲᠤ ᠠᠵᠢᠯᠯᠠᠭ᠎ᠠ ᠪᠠᠷ ᠢᠶᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠦᠵᠡᠯ ᠰᠠᠨᠠᠭ᠎ᠠ ᠪᠠᠨ ᠳᠠᠬᠢᠨ ᠴᠢᠯᠥᠭᠡᠯᠡᠵᠦ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠰᠠᠶᠢᠲᠤᠷ ᠬᠡᠷᠡᠭᠵᠢᠭᠦᠯᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ ᠬᠢᠬᠦ︾ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠦᠷᠢᠵᠢᠭᠤᠯᠬᠤ᠂ ᠲᠦᠷᠦᠭᠦᠬᠡᠨ᠂ ᠤᠳᠠ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠬᠠᠨ ᠯᠢ ᠫᠢᠩ ᠲᠣᠰ ᠶᠠᠷᠢᠶᠠᠨ ᠤ ᠰᠡᠳᠦᠪ ᠤᠨ ᠲᠤᠬᠠᠶ ᠥᠪᠦᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠶᠢᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠪᠡ᠃      ᠬᠠᠨ ᠯᠢ ᠫᠢᠩ᠄ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠣᠭᠲᠠᠭᠠᠭᠰᠠᠨ ᠠᠵᠢᠯᠯᠠᠭᠠᠨ ᠤ ᠬᠥᠲᠥᠯᠪᠦᠷᠢ ᠶᠢ ᠭᠦᠨᠵᠡᠭᠡᠢ ᠲᠤᠭᠤᠰᠢᠯᠠᠭᠤᠯᠵᠤ᠂ ︽ᠬᠤᠶᠠᠷ ᠬᠠᠯᠬᠠᠪᠴᠢ︾ ︽ᠭᠤᠷᠪᠠᠨ ᠯᠠᠪᠳᠠᠭᠤᠨ ᠪᠠᠲᠤᠲᠠᠶ︾ ︽ᠳᠥᠷᠪᠡᠨ ᠬᠦᠴᠦᠯᠡᠬᠦ︾ ᠵᠡᠷᠭᠡ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ ᠤᠳᠠ ᠲᠣᠭᠤᠷᠢᠭ ᠳᠣᠤᠷᠠᠬᠢ ᠳᠥᠷᠪᠡᠨ ᠲᠠᠯ᠎ᠠ ᠠᠴᠠ ᠭᠠᠷᠳᠠᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠦᠷ᠎ᠡ ᠪᠦᠲᠦᠮᠵᠢ ᠶᠢ ︽ᠳᠥᠷᠪᠡᠨ ᠤᠬᠠᠮᠰᠠᠷ︾ ᠢᠶᠠᠨ ᠴᠢᠩᠭᠠᠳᠬᠠᠬᠤ᠂ ︽ᠳᠥᠷᠪᠡᠨ ᠢᠲᠡᠭᠡᠯ︾ ᠢᠶᠠᠨ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ  ᠦᠢᠯᠡᠳᠦᠯᠭᠡᠵᠢᠭᠦᠯᠬᠦ ᠶᠢᠨ ᠴᠢᠬᠤᠯᠠ ᠰᠢᠯᠭᠠᠯᠲᠠ ᠪᠤᠯᠭᠠᠪᠠ᠃      ᠨᠢᠭᠡ ᠳᠤ ᠦᠵᠡᠯ ᠰᠠᠨᠠᠭ᠎ᠠ ᠪᠠᠨ ᠴᠢᠯᠥᠭᠡᠯᠡᠵᠦ᠂ ᠰᠢᠨ᠎ᠡ ᠶᠢ ᠡᠭᠦᠳᠬᠦ ᠰᠢᠰᠲ᠋ᠧᠮ ᠢ ᠬᠦᠴᠦᠯᠡᠨ ᠪᠠᠶᠢᠭᠤᠯᠤᠨ᠎ᠠ ᠃ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠰᠢᠨᠵᠢᠯᠡᠬᠦ ᠮᠡᠷᠭᠡᠵᠢᠯ ᠤᠨ ᠰᠢᠨ᠎ᠡ ᠶᠢ ᠡᠭᠦᠳᠬᠦ ᠲᠥᠷᠥ ᠶᠢᠨ ᠪᠣᠳᠣᠯᠭ᠎ᠠ ᠶᠢᠨ ᠰᠢᠰᠲ᠋ᠧᠮ᠂ ᠬᠡᠷᠡᠭᠯᠡᠭᠡᠨ ᠤ ᠰᠢᠰᠲ᠋ᠧᠮᠵᠢ ᠪᠣᠯᠤᠨ ᠲᠠᠪᠴᠠᠩ ᠤᠨ ᠰᠢᠰᠲ᠋ᠧᠮ ᠢ ᠲᠠᠰᠤᠷᠠᠯᠲᠠ ᠤᠢᠭᠡᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠲᠡᠰᠢ ᠬᠤᠪᠢᠷᠠᠭᠤᠯᠬᠤ ᠶᠢ ᠲᠦᠷᠭᠡᠳᠬᠡᠵᠡᠶ᠃ ᠤᠯᠠᠮᠵᠢᠯᠠᠯᠲᠤ ᠠᠵᠤ ᠦᠢᠯᠡᠰ ᠨᠢ ᠡᠬᠢ ᠪᠠᠶᠠᠯᠢᠭ ᠤᠨ ᠳᠠᠪᠠᠭᠤᠯᠢᠭ ᠠᠴᠠ ︽ᠡᠬᠢ ᠪᠠᠶᠠᠯᠢᠭ + ᠰᠢᠨᠵᠢᠯᠡᠬᠦ ᠤᠬᠠᠭᠠᠨ ᠮᠡᠷᠭᠡᠵᠢᠯ︾ ᠲᠡᠰᠢ ᠠᠯᠬᠤᠮ ᠠᠯᠬᠤᠮ ᠢᠶᠠᠷ ᠬᠤᠪᠢᠷᠠᠬᠤ ᠶᠢ ᠪᠡᠶᠡᠯᠡᠭᠦᠯᠦᠨ᠎ᠡ᠃ ᠣᠷᠣᠨ ᠪᠦᠰᠡ ᠶᠢᠨ ᠠᠵᠤ ᠦᠢᠯᠡᠰ ᠤᠨ ᠲᠥᠪᠯᠡᠷᠡᠯ ᠤᠨ ᠳᠠᠪᠠᠭᠤᠯᠢᠭ ᠲᠤ ᠰᠠᠭᠤᠷᠢᠯᠠᠭᠰᠠᠨ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠵᠤ᠂ ︽ᠨᠢᠭᠡ ᠴᠣᠭᠴᠠ ᠭᠤᠷᠪᠠᠨ ᠵᠢᠭᠦᠷ︾ ᠤᠨ ᠬᠥᠭᠵᠢᠯᠲᠡ ᠶᠢᠨ ᠵᠠᠭᠪᠤᠷ ᠢ ᠶᠡᠬᠡᠪᠡᠷ ᠬᠡᠷᠡᠭᠵᠢᠭᠦᠯᠵᠦ᠂ ᠪᠠᠷᠠᠭᠤᠨ ᠬᠤᠶᠢᠲᠦ ᠶᠢᠨ ᠬᠢᠮᠢ ᠶᠢᠨ ᠲᠣᠣᠷ ᠢᠶᠠᠷ ᠲᠠᠪᠴᠠᠩ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ᠂ ᠬᠠᠩᠭᠠᠯᠭ᠎ᠠ ᠶᠢᠨ ᠬᠡᠯᠬᠢᠶ᠎ᠡ ᠶᠢᠨ ᠮᠥᠩᠭᠦᠨ ᠭᠦᠢᠯᠭᠡᠭᠡ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡ ᠪᠠᠷ ᠲᠤᠯᠭᠠᠭᠤᠷᠢ ᠪᠣᠯᠭᠠᠭᠰᠠᠨ ᠶᠡᠷᠦᠩᠬᠡᠶ ᠬᠡᠯᠲᠡᠰ ᠤᠨ ᠦᠢᠯᠡᠴᠢᠯᠡᠭᠡᠨ ᠤ ᠠᠵᠤ ᠠᠬᠤᠶ ᠶᠢᠨ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ᠃      ᠬᠤᠶᠠᠷ ᠲᠤ ᠬᠡᠯᠪᠡᠷᠢ ᠪᠠᠨ ᠬᠤᠪᠢᠷᠠᠭᠤᠯᠤᠨ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠠᠵᠤ ᠠᠬᠤᠶ ᠶᠢᠨ ᠪᠦᠲᠦᠴᠡ ᠶᠢ ᠲᠦᠷᠭᠡᠳᠬᠡᠨ ᠳᠣᠭᠢᠷᠠᠭᠤᠯᠤᠨ᠎ᠠ᠃ ᠨᠡᠭᠦᠷᠡᠰᠦᠨ ᠬᠡᠦᠷᠡᠰᠦᠨ ᠬᠢᠮᠢ ᠶᠢᠨ ᠠᠵᠤ ᠦᠢᠯᠡᠳᠪᠦᠷᠢ᠂ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠬᠤᠶᠠᠷ ᠶᠡᠭᠡ ᠰᠠᠭᠤᠷᠢᠨ ᠭᠠᠵᠠᠷ ᠤᠨ ᠳᠠᠪᠠᠭᠤᠯᠢᠭ ᠢ ᠪᠠᠬᠢᠵᠢᠭᠦᠯᠦᠨ ᠵᠤᠵᠠᠭᠠᠳᠬᠠᠵᠤ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠠᠵᠤ ᠦᠢᠯᠡᠳᠪᠦᠷᠢ ᠶᠢᠨ ᠠᠵᠤ ᠠᠬᠤᠶ ᠶᠢ ᠨᠡᠮᠡᠭᠳᠡᠯ ᠢ ᠨᠡᠮᠡᠭᠳᠡᠭᠦᠯᠦᠨ ᠡᠨᠧᠷᠭᠢ ᠶᠢ ᠥᠷᠭᠡᠳᠬᠡᠬᠦ ᠪᠠᠷ ᠭᠤᠤᠯ ᠪᠣᠯᠭᠠᠵᠤ ᠪᠠᠶᠢᠭᠰᠠᠨ ᠠᠴᠠ ᠪᠠᠨ ᠬᠠᠳᠠᠭᠠᠯᠠᠯᠲᠠ ᠶᠢᠨ ᠬᠡᠮᠵᠢᠶ᠎ᠡ ᠶᠢ ᠲᠣᠬᠢᠷᠠᠭᠤᠯᠬᠤ᠂ ᠰᠢᠯᠢᠳᠡᠭᠴᠢᠯᠡᠨ ᠨᠡᠮᠡᠭᠳᠡᠯ ᠢ ᠵᠡᠷᠭᠡ ᠪᠠᠷ ᠴᠢᠬᠤᠯᠠᠴᠢᠯᠠᠬᠤ ᠲᠡᠰᠢ ᠬᠤᠪᠢᠷᠠᠭᠤᠯᠬᠤ ᠶᠢ ᠠᠬᠢᠭᠤᠯᠤᠨ᠎ᠠ᠃ PVA᠂ PVC᠂ BDO᠂ ᠣᠷᠭᠠᠨᠢᠭ ᠴᠠᠬᠢᠭᠤᠷ᠂ ᠨᠡᠭᠦᠷᠡᠰᠦ ᠬᠡᠤᠷᠰᠢᠭᠦᠯᠬᠦ ᠲᠠᠪᠤᠨ ᠶᠡᠭᠡ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠰᠢᠨ᠎ᠡ ᠣᠶᠢᠯᠠᠭᠠᠭᠳᠠᠬᠤᠨ᠂ ᠰᠢᠨ᠎ᠡ ᠮᠡᠷᠭᠡᠵᠢᠯ᠂ ᠰᠢᠨ᠎ᠡ ᠤᠷᠠᠯᠠᠯ ᠢ ᠣᠷᠣᠭᠤᠯᠤᠨ ᠠᠪᠴᠢᠷᠠᠵᠤ᠂ ᠲᠤᠯᠭᠠᠭᠤᠷᠢ ᠠᠵᠤ ᠦᠢᠯᠡᠰ ᠤᠨ ᠲᠥᠪᠯᠡᠷᠡᠯ ᠡᠳᠦᠷ ᠢᠷᠡᠬᠦᠶ᠎ᠡ ᠪᠤᠵᠠᠭᠠᠶᠢᠷᠠᠪᠠ᠃ ᠡᠷᠭᠢᠨ ᠲᠣᠭᠤᠷᠢᠨ ᠤ ᠠᠵᠤ ᠦᠢᠯᠡᠰ ᠤᠨ ᠣᠨᠴᠠᠭᠠᠢ ᠳᠠᠪᠠᠭᠤᠯᠢᠭ ᠢᠶᠠᠷ ᠭᠤᠣᠯᠳᠠᠭᠤᠯᠵᠤ᠂ ᠡᠮ ᠡᠮᠨᠡᠯᠭᠡ᠂ ᠲᠠᠷᠢᠶᠠᠨ ᠡᠮ ᠵᠢᠴᠢ ᠲᠡᠭᠦᠨ ᠤ ᠵᠠᠪᠰᠠᠷ ᠤᠨ ᠴᠣᠭᠴᠠ ᠶᠢᠨ ᠳᠡᠭᠡᠳᠦ ᠲᠡᠰ ᠤᠨ ᠨᠠᠷᠢᠯᠢᠭᠵᠢᠭᠤᠯᠤᠯᠲᠠ ᠪᠠᠷ ᠠᠷᠠᠯᠵᠢᠶᠠᠴᠢᠨ ᠤᠷᠢᠬᠤ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠰᠢᠯᠢᠳᠡᠭ ᠲᠥᠷᠥᠯ ᠵᠦᠢᠯ ᠪᠠ ᠨᠡᠷᠡᠲᠦ ᠲᠥᠷᠥᠯ ᠲᠡᠮᠳᠡᠭᠲᠦ ᠶᠢᠨ ᠠᠵᠤ ᠠᠬᠤᠶᠢᠯᠠᠯ ᠢ ᠲᠡᠳᠡᠨ ᠠᠪᠴᠢᠷᠠᠬᠤ ᠵᠦᠭ ᠬᠠᠨᠳᠤᠭᠤᠯᠪᠠ᠃      ᠭᠤᠷᠪᠠ ᠳᠤ ᠦᠢᠯᠡᠴᠢᠯᠡᠭᠡ ᠶᠢ ᠴᠢᠩᠭᠠᠳᠬᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ︽ᠬᠠᠩᠭᠠᠯᠭ᠎ᠠ ᠶᠢᠨ ᠲᠠᠯ᠎ᠠ︾᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠵᠡᠷᠭᠡ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠥᠭᠵᠢᠯᠲᠡ ᠶᠢᠨ ᠡᠯᠧᠮᠧᠨ᠋ᠲ ᠤᠨ ᠪᠠᠲᠤᠯᠠᠭ᠎ᠠ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ᠂ ᠲᠥᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ᠂ ᠡᠷᠬᠡ ᠲᠡᠭᠰᠢ ᠲᠥᠪ ᠭᠤᠣᠯᠴᠢ ᠬᠠᠤᠯᠢ ᠪᠠᠷ ᠵᠠᠰᠠᠬᠤ᠂ ᠥᠨᠳᠥᠷ ᠪᠦᠲᠦᠮᠵᠢᠲᠠᠢ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠠᠵᠤ ᠦᠢᠯᠡᠰ ᠤᠨ ᠠᠵᠢᠯᠲᠠᠨ ᠢ ᠬᠥᠮᠦᠵᠢᠭᠦᠯᠬᠦ᠂ ᠬᠦᠷᠢᠶᠡᠯᠡᠩ ᠲᠤᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ ᠵᠡᠷᠭᠡ ︽ᠳᠣᠯᠣᠭᠠᠨ ᠶᠡᠭᠡ ᠣᠷᠴᠢᠨ ᠲᠣᠭᠤᠷᠢᠨ︾ ᠢ ᠦᠷᠭᠦᠯᠵᠢᠯᠡᠨ ᠰᠢᠯᠢᠳᠡᠭᠵᠢᠭᠦᠯᠵᠦ᠂ ᠬᠠᠩᠭᠠᠯᠭ᠎ᠠ ᠶᠢᠨ ᠪᠦᠲᠦᠴᠡ ᠶᠢᠨ ᠵᠣᠬᠢᠴᠠᠬᠤ ᠴᠢᠨᠠᠷ᠂ ᠠᠮᠢᠳᠤᠯᠢᠭ ᠴᠢᠨᠠᠷ ᠪᠠ ᠪᠦᠬᠦ ᠡᠯᠧᠮᠧᠨ᠋ᠲ ᠤᠨ  ᠦᠢᠯᠡᠳᠪᠦᠷᠢᠯᠡᠯ ᠤᠨ ᠨᠤᠷᠮ᠎ᠠ ᠲᠠᠰᠤᠷᠠᠯᠲᠠ ᠦᠭᠡᠢ ᠳᠡᠭᠡᠭᠰᠢᠯᠡᠪᠡ᠃      ᠲᠦᠷᠪᠡ ᠳᠤ᠂ ᠬᠤᠷᠢᠭ᠎ᠠ ᠱᠤᠭᠤᠮ ᠢ ᠰᠠᠬᠢᠵᠤ᠂ ᠠᠮᠤᠷ ᠲᠦᠪᠰᠢᠨ ᠣᠷᠴᠢᠨ ᠲᠣᠭᠤᠷᠢᠨ ᠢ ᠬᠠᠮᠠᠭᠠᠯᠠᠬᠤ ᠠᠵᠢᠯ ᠢ ᠴᠢᠩᠭ᠎ᠠ ᠠᠳᠬᠤᠨ᠎ᠠ᠃  ᠬᠦᠬᠡ ᠠᠭᠤᠯᠠ ᠬᠥᠬᠡᠮᠳᠦᠭ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠣᠷᠣᠨ ᠪᠦᠰᠡ ᠶᠢᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠬᠢᠵᠠᠭᠠᠷᠯᠠᠬᠤ ᠠᠵᠢᠯ ᠴᠢᠩᠭᠠᠳᠬᠠᠵᠦ ᠨᠡᠭᠦᠷᠡᠰᠦᠨ ᠠᠭᠤᠷᠬᠠᠶ ᠶᠢᠨ ᠥᠪᠡᠷ ᠢᠶᠠᠨ ᠰᠢᠲᠠᠬᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠵᠡᠷᠭᠡ ᠠᠰᠠᠭᠤᠳᠠᠯ ᠢ ᠲᠥᠪᠯᠡᠷᠡᠭᠦᠯᠦᠨ ᠴᠡᠭᠴᠡᠯᠡᠵᠡᠶ᠃ ᠠᠵᠤ ᠠᠬᠤᠶᠢᠯᠠᠯ ᠤᠨ ᠬᠠᠴᠢᠨ ᠦᠨᠦᠷ ᠢ ᠵᠠᠰᠠᠬᠤ ᠣᠶᠣᠨᠴᠢᠯᠠᠭᠰᠠᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠭᠠᠵᠠᠷ ᠣᠷᠣᠨ ᠤ ᠠᠭᠠᠷ ᠤᠨ ᠶᠠᠰᠤ ᠴᠢᠨᠠᠷ ᠢ ᠢᠯᠡᠳᠲᠡ ᠰᠠᠶᠢᠵᠢᠷᠠᠭᠤᠯᠬᠤ ᠶᠢ ᠠᠬᠢᠭᠤᠯᠤᠨ᠎ᠠ᠃ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠢ ᠬᠠᠮᠠᠭᠠᠯᠠᠬᠤ ᠡᠷᠴᠢᠮ ᠢᠶᠠᠨ ᠴᠢᠩᠭᠠᠳᠬᠠᠵᠦ᠂ ᠠᠶᠤᠯ ᠦᠭᠡᠢ ᠶᠢᠨ ᠬᠢᠨᠠᠨ ᠬᠠᠮᠢᠶᠠᠷᠤᠯᠲᠠ ᠶᠢᠨ ᠮᠡᠳᠡᠭᠡ ᠵᠠᠩᠭᠢᠴᠢᠯᠠᠯᠲᠠ ᠶᠢᠨ ᠲᠠᠪᠴᠠᠩ ᠢ ᠪᠦᠬᠦ ᠲᠠᠯ᠎ᠠ ᠪᠠᠷ ᠬᠡᠷᠡᠭᠯᠡᠵᠦ᠂ ᠵᠠᠮ ᠬᠠᠷᠢᠯᠴᠠᠭ᠎ᠠ ᠲᠡᠭᠡᠭᠡᠪᠦᠷᠢ᠂ ᠠᠶᠤᠯᠲᠠᠶ ᠬᠢᠮᠢ ᠶᠢᠨ ᠪᠣᠳᠠᠰ᠂ ᠢᠳᠡᠭᠡᠨ ᠤ ᠵᠦᠢᠯ ᠡᠮ ᠤᠨ ᠵᠦᠢᠯ ᠵᠡᠷᠭᠡ ᠭᠤᠤᠯᠳᠠᠯᠭ᠎ᠠ ᠲᠠᠢ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠦᠨᠳᠦ ᠣᠨᠴᠠ ᠶᠡᠭᠡ ᠡ᠊ᠨᠳᠡᠯ ᠭᠠᠷᠬᠤ ᠶᠢ ᠡᠷᠡᠰ ᠬᠤᠷᠢᠭᠯᠠᠨ᠎ᠠ᠃    
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号