ᠤᠯᠠᠭᠠᠨᠮᠥ᠋ᠴᠢᠷ ᠪᠣᠯ ᠨᠠᠮ ᠤᠨ ᠦᠨᠳᠦᠰᠦᠲᠡᠨ ᠤ ᠭᠠᠵᠠᠷ ᠣᠷᠣᠨ ᠳᠤ ᠨᠡᠶᠢᠭᠡᠮ ᠵᠢᠷᠤᠮ ᠤᠨ ᠰᠣᠶᠣᠯ ᠢ | ᠬᠥᠭᠵᠢᠭᠦᠯᠬᠦ ᠴᠢᠬᠤᠯᠠ ᠠᠷᠭ᠎ᠠ ᠶᠢᠨ ᠰᠢᠨ᠎ᠡ ᠡᠭᠦᠳᠦᠯᠲᠡ ᠮᠥᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠥᠪᠡᠷᠮᠢᠴᠡ ᠪᠦᠲᠦᠭᠡᠯᠴᠢ ᠦᠨᠳᠦᠰᠦᠨ ᠱᠠᠲᠤᠨ ᠤ ᠰᠣᠶᠣᠯ ᠤᠨ ᠦᠢᠯᠡᠴᠢᠯᠡᠭᠡᠨ ᠤ ᠬᠡᠯᠪᠡᠷᠢ ᠮᠥᠨ᠃ | 60 ᠭᠠᠷᠤᠶ ᠵᠢᠯ ᠤᠨ ᠲᠤᠷᠰᠢ᠂ ᠤᠯᠠᠭᠠᠨᠮᠥ᠋ᠴᠢᠷ ᠢᠮᠠᠭᠲᠠ ᠨᠠᠮ ᠤᠨ ᠵᠥᠪ ᠣᠨᠣᠪᠴᠢᠲᠠᠶ ᠤᠳᠤᠷᠢᠳᠤᠯᠭ᠎ᠠ ᠳᠣᠤᠷ᠎ᠠ | ᠦᠨᠳᠦᠰᠦᠨ ᠱᠠᠲᠤᠨ ᠤ ᠦᠢᠯᠡᠴᠢᠯᠡᠭᠡᠨ ᠤ ᠠᠵᠢᠯ ᠢ ᠥᠷᠨᠢᠭᠦᠯᠵᠦ᠂ ᠥᠷᠭᠡᠨ ᠣᠯᠠᠨ ᠮᠠᠯᠴᠢᠨ ᠲᠠᠷᠢᠶᠠᠴᠢᠨ ᠳᠤ | ᠪᠠᠶᠠᠷ ᠪᠠᠶᠠᠰᠤᠯ ᠪᠠ ᠪᠣᠯᠪᠠᠰᠤᠨ ᠢ ᠬᠦᠷᠭᠡᠵᠦ᠂ ᠨᠠᠮ ᠤᠨ ᠳᠠᠭᠤᠨ ᠪᠠ ᠬᠠᠶᠢᠷ᠎ᠠ ᠬᠠᠯᠠᠮᠵᠢ ᠶᠢ ᠥᠷᠭᠡᠨ ᠠᠭᠤᠳᠠᠮ | ᠲᠠᠯ᠎ᠠ ᠨᠤᠲᠤᠭ ᠲᠤ ᠤᠯᠠᠮᠵᠢᠯᠠᠪᠠ᠃ 2020 ᠣᠨ ᠤ 5 ᠰᠠᠷ᠎ᠠ ᠶᠢᠨ 22 ᠤ ᠡᠳᠦᠷ᠂ ᠶᠡᠷᠦᠩᠬᠡᠢ ᠱᠦᠵᠢ | ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠶᠡᠭᠡ | ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ | ᠵᠥᠪᠯᠡᠬᠦ ᠳᠤ ᠣᠷᠣᠯᠴᠠᠬᠤ ᠳᠠᠭᠠᠨ᠂ ᠠᠷᠠᠳ ᠲᠦᠮᠡᠨ ᠢᠶᠠᠷ ᠭᠤᠣᠯ ᠪᠣᠯᠭᠠᠬᠤ ᠦᠵᠡᠯ ᠰᠠᠨᠠᠭ᠎ᠠ ᠶᠢ ᠨᠠᠷᠢᠨ | ᠲᠠᠶᠢᠯᠪᠦᠷᠢᠯᠠᠪᠠ᠃ | ᠭᠤᠷᠪᠠᠨ ᠵᠢᠯ ᠤᠨ ᠡᠮᠦᠨ᠎ᠡ ᠶᠡᠷᠦᠩᠬᠡᠶ ᠱᠦᠵᠢ ᠶᠢᠨ ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ | ᠬᠡᠰᠢᠭᠦᠳ ᠲᠤ ᠥᠭᠭᠦᠭᠰᠡᠨ ᠬᠠᠷᠢᠭᠤ ᠵᠠᠬᠢᠳᠠᠯ ᠢ ᠡᠷᠭᠢᠴᠡᠭᠦᠯᠦᠨ ᠪᠣᠳᠣᠵᠤ ᠦᠵᠡᠪᠡᠯ᠂ ᠤᠯᠠᠭᠠᠨᠮᠥ᠋ᠴᠢᠷ ᠤᠨ ᠶᠠᠪᠤᠵᠤ | ᠥᠩᠭᠡᠷᠡᠭᠰᠡᠨ ᠵᠠᠮ ᠢ ᠡᠷᠭᠢᠴᠡᠭᠦᠯᠵᠦ᠂ ᠠᠷᠠᠳ ᠲᠦᠮᠡᠨ ᠢᠶᠠᠷ ᠭᠤᠤᠯ ᠪᠣᠯᠭᠠᠬᠤ ᠬᠦᠭᠵᠢᠯᠲᠡ ᠶᠢᠨ ᠦᠵᠡᠯ | ᠰᠠᠨᠠᠭ᠎ᠠ ᠶᠢ ᠦᠢᠯᠡᠳᠦᠯᠭᠡᠵᠢᠭᠦᠯᠬᠦ ᠶᠢ ᠢᠮᠠᠭᠲᠠ ᠪᠠᠷᠢᠮᠲᠠᠯᠠᠬᠤ᠂ ᠦᠨᠳᠦᠰᠦᠨ ᠱᠠᠲᠤᠨ ᠳᠤ ᠦᠨᠳᠦᠰᠦᠯᠡᠬᠦ᠂ ᠠᠷᠠᠳ | ᠣᠯᠠᠨ ᠳᠤ ᠦᠢᠯᠡᠴᠢᠯᠡᠬᠦ ᠪᠣᠯ ᠤᠯᠠᠭᠠᠨᠮᠥ᠋ᠴᠢᠷ ᠤᠨ ᠠᠮᠢᠵᠢᠷᠠᠯ ᠤᠨ ᠬᠦᠴᠦᠨ ᠢᠶᠠᠨ ᠡᠭᠦᠷᠢᠳᠡ ᠬᠠᠳᠠᠭᠠᠯᠠᠵᠤ᠂ ︽ | ᠪᠥᠬᠦ ᠤᠯᠤᠰ ᠤᠨ ᠤᠳᠬ᠎ᠠ ᠤᠷᠠᠯᠢᠭ ᠤᠨ ᠹᠷᠣᠨᠲ ᠤᠨ ᠲᠤᠭ ᠲᠡᠮᠳᠡᠭ︾ ᠪᠣᠯᠤᠭᠰᠠᠨ ᠤ ᠦᠨᠳᠦᠰᠦᠨ ᠰᠢᠯᠲᠠᠭᠠᠨ | ᠮᠦᠨ᠃ ᠤᠯᠠᠭᠠᠨᠮᠥ᠋ᠴᠢᠷ 60 ᠵᠢᠯ ᠤᠨ ᠲᠤᠷᠰᠢ ᠠᠷᠠᠳ ᠲᠦᠮᠡᠨ ᠢᠶᠠᠨ ᠬᠠᠶᠢᠷᠠᠯᠠᠬᠤ᠂ ᠲᠡᠰᠪᠦᠷᠢ | ᠬᠠᠲᠠᠭᠤᠵᠢᠯᠲᠠᠶ ᠪᠠᠷ ᠲᠡᠮᠡᠴᠡᠬᠦ᠂ ᠵᠠᠮ ᠨᠡᠭᠡᠭᠡᠨ ᠰᠢᠨ᠎ᠡ ᠶᠢ ᠡᠭᠦᠳᠬᠦ ᠵᠣᠷᠢᠭ ᠰᠠᠨᠠᠭᠠᠨ ᠤ ᠬᠡᠪ ᠴᠢᠨᠠᠷ ᠢ | ᠬᠠᠲᠠᠭᠤᠵᠢᠭᠤᠯᠵᠤ᠂ ᠨᠠᠮ ᠤᠨ ᠬᠦᠰᠡᠯᠡᠩ ᠢᠲᠡᠭᠡᠯ ᠪᠢᠰᠢᠷᠡᠯ᠂ ᠰᠢᠨᠵᠢ ᠴᠢᠨᠠᠷ ᠵᠣᠷᠢᠯᠲᠠ ᠪᠠ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠶᠢ ᠭᠦᠨᠵᠡᠭᠡᠢ ᠢᠯᠡᠷᠡᠭᠦᠯᠬᠦ ᠶᠢᠨ ᠬᠠᠮᠲᠤ ᠦᠢᠯᠡᠳᠦᠯᠭᠡᠵᠢᠭᠦᠯᠵᠦ ᠪᠠᠶᠢᠳᠠᠭ᠃ | | 11 ᠰᠠᠷ᠎ᠠ ᠶᠢᠨ 20 ᠤ ᠡᠳᠦᠷ᠂ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ︽ | ᠥᠨᠢᠳᠡ ᠶᠢᠨ ᠲᠤᠭ — ᠤᠯᠠᠭᠠᠨᠮᠥ᠋ᠴᠢᠷ ᠤᠨ ᠵᠣᠷᠢᠭ ᠰᠠᠨᠠᠭᠠᠨ ᠤ ᠮᠡᠳᠡᠭᠦᠯᠦᠯᠲᠡ ᠶᠢᠨ ᠦᠵᠡᠭᠦᠯᠦᠯᠭᠡ ᠶᠢᠨ | ᠬᠤᠷᠠᠯ ᠬᠢᠵᠦ᠂ ᠪᠠᠭᠰᠢ ᠪᠣᠯᠤᠨ ᠬᠠᠮᠲᠤ ᠰᠤᠷᠤᠭᠴᠢᠳ ᠲᠤ ᠤᠯᠠᠭᠠᠨᠮᠥ᠋ᠴᠢᠷ ᠠᠴᠠ ᠥᠷᠭᠡᠨ ᠣᠯᠠᠨ ᠮᠠᠯᠴᠢᠨ | ᠲᠠᠷᠢᠶᠠᠴᠢᠨ ᠳᠤ ᠪᠠᠶᠠᠷ ᠪᠠᠶᠠᠰᠤᠯ ᠪᠠ ᠪᠣᠯᠪᠠᠰᠤᠨ ᠢ ᠬᠦᠷᠭᠡᠨ ᠥᠭᠴᠦ᠂ ᠬᠥᠮᠦᠨ ᠤ ᠰᠡᠳᠬᠢᠯ ᠢ ᠬᠥᠳᠡᠯᠭᠡᠮ᠎ᠡ | ᠨᠠᠮ ᠤᠨ ᠳᠠᠭᠤ ᠪᠠ ᠬᠠᠯᠠᠮᠵᠢᠯᠠᠯ ᠤᠨ ᠦᠢᠯᠡ ᠠᠵᠢᠯᠯᠠᠭ᠎ᠠ ᠶᠢ ᠳᠠᠮᠵᠢᠭᠤᠯᠪᠠ᠃ | 1᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠬᠤ ᠪᠣᠯ ᠨᠡᠶᠢᠭᠡᠮ ᠵᠢᠷᠤᠮ ᠤᠨ ᠤᠳᠬ᠎ᠠ ᠤᠷᠠᠯᠢᠭ ᠤᠨ | ᠦᠵᠡᠯᠲᠡ ᠶᠢᠨ ᠠᠮᠢᠳᠤᠯᠢᠭ ᠢᠯᠡᠷᠡᠯ ᠮᠥᠨ | ᠠᠷᠠᠳ ᠲᠦᠮᠡᠨ ᠢ ᠳᠡᠭᠡᠳᠦᠯᠡᠬᠦ ᠪᠣᠯ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ | ᠰᠠᠨᠠᠭᠠᠨ ᠤ ᠵᠠᠷᠴᠢᠮ ᠱᠠᠭᠠᠷᠳᠠᠯᠭ᠎ᠠ ᠶᠢ ᠲᠤᠭᠤᠰᠢᠯᠠᠭᠤᠯᠤᠨ᠎ᠠ᠃ ᠶᠡᠷᠦᠩᠬᠡᠶ ᠱᠦᠵᠢ ᠰᠢ ᠶᠢᠨ ᠫᠢᠩ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ᠄ ︽ᠨᠡᠶᠢᠭᠡᠮ ᠵᠢᠷᠤᠮ ᠤᠨ ᠤᠳᠬ᠎ᠠ ᠤᠷᠠᠯᠢᠭ ᠪᠣᠯ ᠠᠷᠠᠳ | ᠲᠦᠮᠡᠨ ᠤ ᠤᠳᠬ᠎ᠠ ᠤᠷᠠᠯᠢᠭ ᠮᠥᠨ᠂ ᠡᠷᠬᠡᠪᠰᠢ ᠠᠷᠠᠳ ᠲᠦᠮᠡᠨ ᠢᠶᠠᠷ ᠭᠤᠤᠯ ᠪᠣᠯᠭᠠᠬᠤ ᠵᠣᠬᠢᠶᠠᠨ ᠪᠦᠲᠦᠭᠡᠬᠦ | ᠤᠳᠤᠷᠢᠳᠤᠮᠵᠢ ᠶᠢ ᠪᠠᠷᠢᠮᠲᠠᠯᠠᠵᠤ᠂ ᠠᠮᠢᠳᠤᠷᠠᠯ ᠳᠤ ᠭᠦᠨᠵᠡᠭᠡᠶᠢᠷᠡᠨ᠂ ᠠᠷᠠᠳ ᠲᠦᠮᠡᠨ ᠤ ᠳᠤᠮᠳᠠ ᠦᠨᠳᠦᠰᠦ | ᠬᠠᠳᠬᠤᠵᠦ ᠴᠠᠭ ᠦᠶ᠎ᠡ ᠳᠤ ᠣᠰᠣᠯᠳᠠᠬᠤ ᠦᠭᠡᠢ ᠤᠳᠬ᠎ᠠ ᠤᠷᠠᠯᠢᠭ ᠤᠨ ᠡᠭᠦᠳᠦᠯᠲᠡ ᠬᠢᠨ᠎ᠡ᠃︾ ᠠᠷᠠᠳ | ᠲᠦᠮᠡᠨ ᠢᠶᠠᠷ ᠭᠤᠤᠯ ᠪᠣᠯᠭᠠᠬᠤ ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠬᠤ ᠨᠢ ᠳᠠᠷᠤᠶ ᠤᠳᠬ᠎ᠠ | ᠤᠷᠠᠯᠢᠭ ᠤᠨ ᠵᠣᠬᠢᠶᠠᠨ ᠪᠦᠲᠦᠭᠡᠬᠦ ᠠᠷᠠᠳ ᠤᠨ ᠴᠢᠨᠠᠷ ᠤᠨ ᠪᠠᠷᠢᠮᠵᠢᠶ᠎ᠠ ᠶᠢ ᠪᠠᠷᠢᠮᠲᠠᠯᠠᠬᠤ ᠶᠠᠪᠤᠳᠠᠯ ᠪᠣᠯᠤᠨ᠎ᠠ᠃ | | ᠠᠷᠠᠳ ᠤᠯᠠᠨ ᠪᠣᠯ ᠤᠳᠬ᠎ᠠ ᠤᠷᠠᠯᠢᠭ ᠤᠨ ᠢᠯᠡᠷᠡᠯ ᠤᠨ ᠪᠡᠶᠡᠴᠢ ᠴᠣᠭᠴᠠ ᠮᠥᠨ᠂ ᠤᠳᠬ᠎ᠠ | ᠤᠷᠠᠯᠢᠭ ᠤᠨ ᠭᠤᠸ᠎ᠠ ᠰᠠᠶᠢᠬᠠᠨ ᠤ ᠰᠣᠨᠢᠷᠬᠠᠭᠴᠢ ᠪᠠ ᠰᠢᠭᠦᠮᠵᠢᠯᠡᠭᠴᠢ ᠮᠥᠨ᠃ ᠶᠡᠷᠦ ᠠᠴᠠ᠂ ᠤᠯᠠᠭᠠᠨᠮᠥ᠋ᠴᠢᠷ | ᠢᠮᠠᠭᠲᠠ ᠠᠷᠠᠳ ᠲᠦᠮᠡᠨ ᠤ ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ | ᠡᠭᠦᠰᠦᠯᠲᠡ ᠪᠠ ᠵᠣᠭᠰᠣᠴᠠ ᠪᠣᠯᠭᠠᠵᠤ᠂ ᠠᠷᠠᠳ ᠲᠦᠮᠡᠨ ᠳᠤ ᠦᠶ᠋ᠯᠡᠴᠢᠯᠡᠬᠦ ᠶᠢ ᠳᠠᠷᠬᠠᠨ ᠡᠭᠦᠷᠭᠡ | ᠬᠠᠷᠢᠭᠤᠴᠠᠯᠭ᠎ᠠ ᠪᠠᠷ ᠦᠵᠡᠬᠦ ᠪᠣᠯᠤᠨ᠎ᠠ᠃ | 60 ᠭᠠᠷᠤᠶ ᠵᠢᠯ ᠤᠨ ᠲᠤᠷᠰᠢ᠂ ᠤᠯᠠᠭᠠᠨᠮᠥ᠋ᠴᠢᠷ ᠠᠷᠠᠳ ᠲᠦᠮᠡᠨ ᠢᠶᠠᠷ ᠭᠤᠣᠯ ᠪᠣᠯᠭᠠᠭᠰᠠᠨ ᠵᠣᠬᠢᠶᠠᠨ | ᠪᠦᠲᠦᠭᠡᠬᠦ ᠤᠳᠤᠷᠢᠳᠤᠮᠵᠢ ᠶᠢ ᠢᠮᠠᠭᠲᠠ ᠪᠠᠷᠢᠮᠲᠠᠯᠠᠵᠦ᠂ ᠬᠢᠯᠢ ᠬᠢᠵᠠᠭᠠᠷ ᠤᠨ ᠴᠥᠭᠡᠨ ᠲᠣᠭᠠᠲᠤ ᠦᠨᠳᠦᠰᠦᠲᠡᠨ ᠤ | ᠣᠨᠴᠠᠯᠢᠭ ᠢ ᠦᠨᠳᠦᠰᠦᠯᠡᠨ᠂ ᠠᠷᠠᠳ ᠤᠯᠠᠨ ᠤ ᠰᠣᠶᠣᠯ ᠤᠨ ᠡᠷᠬᠡ ᠶᠢ ᠬᠦᠨᠳᠦᠳᠬᠡᠭᠰᠡᠨ ᠰᠠᠭᠤᠷᠢᠨ ᠳᠡᠭᠡᠷ᠎ᠡ᠂ | ᠠᠷᠠᠳ ᠲᠦᠮᠡᠨ ᠤ ᠲᠥᠯᠥᠭᠡ ᠤᠶᠠᠩᠭᠠᠯᠠᠨ ᠪᠢᠴᠢᠬᠦ᠂ ᠠᠷᠠᠳ ᠲᠦᠮᠡᠨ ᠤ ᠲᠥᠯᠥᠭᠡ ᠤᠶᠠᠩᠭᠠᠯᠠᠬᠤ᠂ ᠠᠷᠠᠳ | ᠲᠦᠮᠡᠨ ᠤ ᠲᠥᠯᠥᠭᠡ ᠰᠡᠳᠬᠢᠯ ᠢᠶᠠᠨ ᠤᠶᠠᠩᠭᠠᠯᠠᠬᠤ ᠶᠢ ᠪᠠᠷᠢᠮᠲᠠᠯᠠᠨ᠎ᠠ︔ ᠮᠠᠯᠴᠢᠨ ᠲᠠᠷᠢᠶᠠᠴᠢᠨ ᠤ ᠠᠮᠢᠳᠤᠷᠠᠯ ᠳᠤ | ᠣᠶᠢᠷᠠᠲᠤᠭᠰᠠᠨ ᠤᠳᠬ᠎ᠠ ᠤᠷᠠᠯᠢᠭ ᠤᠨ ᠪᠦᠲᠦᠭᠡᠯ᠂ ᠠᠷᠠᠳ ᠣᠯᠠᠨ ᠤ ᠰᠤᠨᠤᠰᠬᠤ ᠳᠤᠷᠠᠲᠠᠶ ᠲᠣᠭᠯᠠᠯᠲᠠ ᠶᠢᠨ | ᠬᠡᠯᠪᠡᠷᠢ ᠪᠠᠷ᠂ ᠨᠠᠮ ᠤᠨ ᠲᠥᠷᠥ ᠶᠢᠨ ᠪᠣᠳᠣᠯᠭ᠎ᠠ ᠪᠠ ᠴᠢᠭᠯᠡᠯᠲᠡ ᠶᠢ ᠤᠬᠠᠭᠤᠯᠵᠤ᠂ ᠰᠢᠨᠵᠢᠯᠡᠬᠦ ᠤᠬᠠᠭᠠᠨ ᠰᠣᠶᠣᠯ | ᠮᠡᠳᠡᠯᠭᠡ ᠶᠢ ᠲᠦᠭᠡᠮᠡᠯᠵᠢᠭᠦᠯᠵᠦ᠂ ᠠᠷᠠᠳ ᠣᠯᠠᠨ ᠳᠤ ᠡᠯᠪᠡᠭ ᠪᠠᠶᠠᠯᠢᠭ ᠣᠶᠤᠨ ᠤ ᠲᠡᠵᠢᠭᠡᠯ ᠬᠠᠩᠭᠠᠭᠰᠠᠨ ᠢᠶᠠᠷ | ᠪᠠᠷᠠᠬᠤ ᠦᠭᠡᠶ ᠡᠷᠡᠭᠦᠯ ᠥᠭᠡᠳᠡᠷᠬᠡᠭ ᠨᠡᠶᠢᠭᠡᠮ ᠤᠨ ᠬᠡᠪ ᠰᠤᠷᠲᠠᠯ ᠢ ᠳᠠᠶᠢᠴᠢᠯᠠᠵᠠᠶ᠃ ︽ᠰᠣᠶᠣᠯ ᠢᠶᠠᠷ ᠬᠥᠮᠦᠨ ᠢ | ᠬᠦᠮᠦᠵᠢᠭᠦᠯᠵᠦ᠂ ᠰᠣᠶᠣᠯ ᠢᠶᠠᠷ ᠦᠨᠳᠦᠰᠦᠨ ᠵᠦᠢᠯ ᠤᠨ ᠬᠦᠮᠦᠵᠢᠭᠦᠯᠬᠦ ︾ ᠰᠣᠶᠣᠯ ᠤᠨ ᠡᠭᠦᠷᠭᠡ ᠶᠢ ᠦᠨᠡᠨᠬᠦ | ᠪᠡᠶᠡᠯᠡᠭᠦᠯᠪᠡ᠃ | ᠠᠷᠠᠳ ᠲᠦᠮᠡᠨ ᠳᠤ ᠤᠷᠠᠯᠢᠭ ᠬᠡᠷᠡᠭ ᠲᠠᠢ᠂ ᠠᠷᠠᠳ ᠲᠦᠮᠡᠨ ᠤ ᠬᠡᠷᠡᠭᠴᠡᠭᠡ ᠪᠣᠯ ᠤᠳᠬ᠎ᠠ ᠤᠷᠠᠯᠢᠭ ᠤᠨ | ᠣᠷᠣᠰᠢᠬᠤᠶ ᠶᠢᠨ ᠦᠨᠳᠦᠰᠦᠨ ᠦᠨ᠎ᠡ ᠦᠷᠳᠡᠭ ᠮᠥᠨ᠃ ᠤᠯᠠᠭᠠᠨᠮᠥ᠋ᠴᠢᠷ ᠨᠠᠮ ᠤᠨ ᠤᠳᠬ᠎ᠠ ᠤᠷᠠᠯᠢᠭ ᠤᠨ | ᠴᠢᠭᠯᠡᠯᠲᠡ ᠶᠢᠨ ᠵᠥᠪ ᠵᠢᠯᠣᠭᠤᠳᠤᠯᠭ᠎ᠠ ᠳᠣᠣᠷ᠎ᠠ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ | ᠦᠢᠯᠡᠴᠢᠯᠡᠬᠦ᠂ ᠨᠡᠶᠢᠭᠡᠮ ᠵᠢᠷᠤᠮ ᠳᠤ ᠦᠢᠯᠡᠴᠢᠯᠡᠬᠦ ᠬᠥᠭᠵᠢᠯᠲᠡ ᠶᠢᠨ ᠴᠢᠭᠯᠡᠯ ᠢ ᠪᠠᠷᠢᠮᠲᠠᠯᠠᠵᠤ᠂ ᠠᠷᠠᠳ ᠤᠯᠠᠨ ᠤ | ᠪᠠᠭ᠋ᠠᠷᠬᠠᠯ ᠢ ᠶᠡᠬᠡᠳᠡ ᠲᠠᠲᠠᠵᠤ᠂ ᠬᠤᠶᠢᠴᠢ ᠦᠶ᠎ᠡ ᠳᠤ ᠤᠯᠠᠮᠵᠢᠯᠠᠭᠳᠠᠭᠰᠠᠨ ᠮᠠᠰᠢ ᠤᠯᠠᠨ ᠰᠢᠯᠢᠳᠡᠭ ᠤᠳᠬ᠎ᠠ | ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠡᠶ᠃ ᠵᠢᠱᠢᠶᠡᠯᠡᠪᠡᠯ ︽ᠴᠡᠴᠡᠭ ᠰᠡᠶᠢᠯᠦᠭᠰᠡᠨ ᠡᠮᠡᠭᠡᠯ︾᠂ ︽ | ᠮᠠᠯᠴᠢᠳ ᠡᠪ ᠬᠠᠮᠲᠤ ᠨᠠᠮ ᠢ ᠳᠠᠭᠤᠯᠠᠶ᠎ᠠ︾ ᠵᠡᠷᠭᠡ ᠪᠤᠢ᠃ ᠡᠳᠡᠭᠡᠷ ᠰᠢᠯᠢᠳᠡᠭ ᠤᠳᠬ᠎ᠠ ᠤᠷᠠᠯᠢᠭ ᠤᠨ ᠪᠦᠲᠦᠭᠡᠯ | ᠣᠯᠠᠮᠵᠢᠯᠠᠭᠳᠠᠵᠤ ᠦᠯᠡᠳᠡᠵᠦ ᠢᠷᠡᠭᠰᠡᠨ ᠨᠢ ᠴᠠᠭ ᠦᠶ᠎ᠡ ᠶᠢᠨ ᠯᠤᠭᠰᠢᠯᠲᠠ ᠶᠢ ᠠᠳᠬᠤᠵᠤ ᠴᠢᠳᠠᠭᠰᠠᠨ ᠳᠤ ᠪᠠᠶᠢᠨ᠎ᠠ | ᠃ ᠤᠳᠬ᠎ᠠ ᠤᠷᠠᠯᠢᠭ ᠤᠨ ᠪᠦᠲᠦᠭᠡᠯ ᠢᠶᠠᠷ ᠴᠠᠭ ᠦᠶ᠎ᠡ ᠶᠢᠨ ᠱᠠᠭᠠᠷᠳᠠᠯᠭ᠎ᠠ ᠪᠠ ᠠᠷᠠᠳ ᠲᠦᠮᠡᠨ ᠤ ᠰᠡᠳᠬᠢᠯ ᠤᠨ | ᠳᠠᠭᠤᠨ ᠢ ᠲᠤᠰᠬᠠᠵᠠᠶ᠃ ᠡᠶᠢᠮᠦ ᠠᠴᠠ ᠠᠷᠠᠳ ᠲᠦᠮᠡᠨ ᠢ ᠳᠡᠭᠡᠳᠦᠯᠡᠬᠦ ᠵᠠᠷᠴᠢᠮ ᠢ ᠢᠮᠠᠭᠲᠠ ᠪᠠᠷᠢᠮᠲᠠᠯᠠᠵᠤ᠂ ᠠᠷᠠᠳ | ᠲᠦᠮᠡᠨ ᠢᠶᠠᠷ ᠭᠤᠤᠯ ᠪᠣᠯᠭᠠᠭᠰᠠᠨ ᠵᠣᠬᠢᠶᠠᠨ ᠪᠦᠲᠦᠭᠡᠬᠦ ᠤᠳᠤᠷᠢᠳᠤᠮᠵᠢ ᠶᠢ ᠦᠢᠯᠡᠳᠦᠯᠭᠡᠵᠢᠭᠦᠯᠬᠦ ᠶᠢ ᠪᠠᠷᠢᠮᠲᠠᠯᠠᠬᠤ | ᠪᠣᠯ ᠤᠯᠠᠭᠠᠨᠮᠥ᠋ᠴᠢᠷ ᠤᠨ ︽ᠪᠥᠬᠦ ᠤᠯᠤᠰ ᠤᠨ ᠤᠳᠬ᠎ᠠ ᠤᠷᠠᠯᠢᠭ ᠤᠨ ᠹᠷᠣᠨᠲ ᠤᠨ ᠲᠤᠭ ᠲᠡᠮᠳᠡᠭ︾ ᠪᠣᠯᠬᠤ ᠶᠢᠨ | ᠵᠠᠩᠭᠢᠯᠠᠭ᠎ᠠ ᠪᠣᠯᠤᠨ᠎ᠠ᠃ ᠤᠯᠠᠭᠠᠨᠮᠥ᠋ᠴᠢᠷ ᠪᠣᠯ ᠨᠡᠶᠢᠭᠡᠮ ᠵᠢᠷᠤᠮ ᠤᠨ ᠤᠳᠬ᠎ᠠ ᠤᠷᠠᠯᠢᠭ ᠤᠨ ᠦᠵᠡᠯᠲᠡ ᠶᠢ | ᠲᠤᠭᠤᠰᠢᠯᠠᠭᠤᠯᠤᠨ ᠦᠢᠯᠡᠳᠦᠯᠭᠡᠵᠢᠭᠦᠯᠬᠦ ᠠᠮᠢᠳᠤᠯᠢᠭ ᠦᠢᠯᠡᠳᠦᠯᠭᠡᠵᠢᠭᠦᠯᠦᠭᠴᠢ ᠮᠥᠨ᠃ | 2᠂ ᠠᠷᠠᠳ ᠲᠦᠮᠡᠨ ᠢ ᠴᠢᠩᠭ᠎ᠠ ᠲᠦᠰᠢᠭᠯᠡᠬᠦ ᠪᠣᠯ ᠤᠯᠠᠭᠠᠨᠮᠥ᠋ᠴᠢᠷ ᠤᠨ ᠰᠢᠨ᠎ᠡ ᠶᠢ ᠡᠭᠦᠳᠬᠦ | ᠬᠥᠭᠵᠢᠯᠲᠡ ᠶᠢᠨ ᠰᠠᠭᠤᠷᠢ ᠮᠥᠨ | ᠠᠷᠠᠳ ᠲᠦᠮᠡᠨ ᠢ ᠴᠢᠩᠭ᠎ᠠ ᠲᠦᠰᠢᠭᠯᠡᠬᠦ ᠪᠣᠯ ︽ᠠᠷᠠᠳ ᠲᠦᠮᠡᠨ ᠪᠣᠯ ᠮᠠᠨ ᠤ ᠨᠠᠮ ᠤᠨ ᠲᠥᠷᠥ ᠪᠠᠷᠢᠬᠤ | ᠬᠠᠮᠤᠭ ᠤᠨ ᠶᠡᠭᠡ ᠢᠲᠡᠭᠡᠯ ᠵᠣᠷᠢᠭ ᠮᠥᠨ︾ ᠭᠡᠳᠡᠭ ᠤᠨ ᠲᠥᠪᠯᠡᠷᠡᠩᠭᠦᠶ ᠢᠯᠡᠷᠡᠯ ᠮᠥᠨ᠂ ᠠᠷᠠᠳ ᠲᠦᠮᠡᠨ ᠪᠣᠯ | ᠨᠠᠮ ᠪᠠ ᠤᠯᠤᠰ ᠣᠷᠣᠨ ᠤ ᠢᠷᠡᠭᠡᠳᠦᠶ ᠬᠤᠪᠢ ᠵᠠᠶᠠᠭᠠᠨ ᠤ ᠦᠨᠳᠦᠰᠦᠨ ᠬᠦᠴᠦᠨ ᠮᠥᠨ ᠭᠡᠳᠡᠭ ᠢ ᠢᠯᠡᠷᠡᠭᠦᠯᠵᠠᠢ᠃ | ᠶᠡᠷᠦᠩᠬᠡᠢ ᠱᠦᠵᠢ ᠰᠢ ᠶᠢᠨ ᠫᠢᠩ ᠤᠯᠠᠭᠠᠨᠮᠥ᠋ᠴᠢᠷ ᠲᠤ ᠢᠯᠡᠭᠡᠭᠰᠡᠨ ᠬᠠᠷᠢᠭᠤ ᠵᠠᠬᠢᠳᠠᠯ ᠳᠠᠭᠠᠨ᠄ ︽ᠤᠯᠠᠭᠠᠨᠮᠥ᠋ᠴᠢᠷ | ᠦᠨ ᠥᠨᠢ ᠤᠳᠠᠭᠠᠨ ᠬᠥᠭᠵᠢᠨ ᠮᠠᠨᠳᠤᠵᠤ ᠪᠠᠶᠢᠭ᠎ᠠ ᠨᠢ ᠠᠷᠠᠳ ᠲᠦᠮᠡᠨ ᠳᠤ ᠤᠷᠠᠯᠢᠭ ᠬᠡᠷᠡᠭ ᠲᠠᠢ᠂ ᠤᠷᠠᠯᠢᠭ ᠴᠤ | ᠠᠷᠠᠳ ᠲᠦᠮᠡᠨ ᠳᠤ ᠬᠡᠷᠡᠭ ᠲᠠᠢ ᠭᠡᠳᠡᠭ ᠢ ᠢᠯᠡᠷᠡᠭᠦᠯᠵᠠᠢ᠃︾ ᠤᠳᠬ᠎ᠠ ᠤᠷᠠᠯᠢᠭ ᠠᠷᠠᠳ ᠲᠦᠮᠡᠨ ᠢ | ᠰᠢᠮᠡᠵᠢᠭᠦᠯᠵᠦ᠂ ᠠᠷᠠᠳ ᠲᠦᠮᠡᠨ ᠤᠷᠠᠯᠢᠭ ᠢ ᠲᠡᠳᠬᠦᠨ᠎ᠡ — ᠰᠢᠯᠢᠳᠡᠭ ᠤᠷᠠᠯᠢᠭ ᠤᠨ ᠪᠦᠲᠦᠭᠡᠯ ᠨᠢ ᠠᠷᠠᠳ | ᠲᠦᠮᠡᠨ ᠤ ᠤᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠩᠭᠠᠵᠤ᠂ ᠠᠮᠢᠳᠤᠷᠠᠯ ᠤᠨ ᠬᠡᠪ ᠴᠢᠨᠠᠷ ᠢ | ᠳᠡᠭᠡᠭᠰᠢᠯᠡᠭᠦᠯᠦᠨ᠎ᠡ︔ ᠤᠷᠠᠯᠢᠭ ᠨᠢ ᠠᠷᠠᠳ ᠲᠦᠮᠡᠨ ᠵᠣᠬᠢᠶᠠᠨ ᠪᠦᠲᠦᠭᠡᠬᠦ ᠠᠪᠢᠶᠠᠰ ᠪᠢᠯᠢᠭ ᠪᠠ ᠪᠣᠷᠣ ᠮᠠᠲ᠋ᠧᠷᠢᠶᠠᠯ | ᠬᠠᠩᠭᠠᠵᠦ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ ᠪᠠ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠬᠤ | ᠴᠢᠬᠤᠯᠠᠲᠠᠶ᠃ | ᠠᠩᠬ᠎ᠠ ᠪᠠᠶᠢᠭᠤᠯᠤᠭᠳᠠᠭᠰᠠᠨ ᠤᠯᠠᠭᠠᠨᠮᠥ᠋ᠴᠢᠷ ︽ᠶᠠᠮᠠᠷ ᠶᠠᠭᠤᠮ᠎ᠠ ᠪᠠᠷ ᠮᠠᠯᠴᠢᠨ ᠲᠠᠷᠢᠶᠠᠴᠢᠨ ᠳᠤ | ᠦᠢᠯᠡᠴᠢᠯᠡᠬᠦ ᠪᠠ ᠶᠠᠮᠠᠷ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠶᠢ ᠠᠪᠬᠤ᠂ ᠶᠠᠮᠠᠷ ᠠᠷᠭ᠎ᠠ ᠪᠠᠷ ᠦᠢᠯᠡᠴᠢᠯᠡᠬᠦ︾ | ᠵᠡᠷᠭᠡ ᠠᠰᠠᠭᠤᠳᠠᠯ ᠳᠡᠭᠡᠷ᠎ᠡ ᠬᠦᠨᠵᠡᠭᠡᠢ ᠰᠡᠳᠬᠢᠨ ᠶᠠᠷᠢᠯᠴᠠᠵᠤ᠂ ᠡᠴᠦᠰ ᠲᠡᠭᠡᠨ ᠮᠠᠯᠴᠢᠨ ᠲᠠᠷᠢᠶᠠᠴᠢᠨ ᠲᠦᠮᠡᠨ ᠤ | ᠰᠡᠩᠬᠡᠷᠡᠭᠦᠯᠦᠯ ᠪᠠ ᠬᠠᠪᠰᠤᠷᠤᠯᠭ᠎ᠠ ᠳᠣᠤᠷ᠎ᠠ᠂ ᠮᠠᠯᠴᠢᠨ ᠲᠠᠷᠢᠶᠠᠴᠢᠨ ᠤ ᠠᠮᠢᠳᠤᠷᠠᠯ ᠢ ᠲᠤᠰᠬᠠᠬᠤ ᠪᠠᠷ ᠭᠤᠣᠯ | ᠠᠭᠤᠯᠭ᠎ᠠ ᠪᠣᠯᠭᠠᠵᠤ᠂ ᠦᠨᠳᠦᠰᠦᠲᠡᠨ ᠤ ᠣᠷᠣᠨ ᠨᠤᠲᠤᠭ ᠤᠨ ᠣᠨᠴᠠᠯᠢᠭ ᠲᠠᠢ ᠤᠷᠠᠨ ᠰᠠᠶᠢᠬᠠᠨ ᠤ | ᠲᠣᠭᠯᠠᠯᠲᠠ ᠶᠢᠨ ᠬᠡᠯᠪᠡᠷᠢ ᠪᠠᠷ ᠨᠠᠮ ᠤᠨ ᠲᠦᠷᠦ ᠶᠢᠨ ᠪᠤᠳᠤᠯᠭ᠎ᠠ ᠶᠢ ᠤᠬᠠᠭᠤᠯᠬᠤ᠂ ᠰᠢᠨᠵᠢᠯᠡᠬᠦ ᠤᠬᠠᠭᠠᠨ ᠤ | ᠮᠡᠳᠡᠯᠭᠡ ᠶᠢ ᠲᠦᠭᠡᠮᠡᠯᠵᠢᠭᠦᠯᠬᠦ ᠵᠡᠷᠭᠡ ᠪᠠᠷ ᠲᠣᠭᠲᠠᠭᠠᠪᠠ᠃ ᠶᠡᠷᠦ ᠠᠴᠠ᠂ ᠤᠯᠠᠭᠠᠨᠮᠥ᠋ᠴᠢᠷ ᠲᠡᠭᠦᠨ ᠤ ᠤᠳᠬ᠎ᠠ | ᠤᠷᠠᠯᠢᠭ ᠤᠨ ᠪᠦᠲᠦᠭᠡᠯ ᠪᠠ ᠲᠣᠭᠯᠠᠯᠲᠠ ᠶᠢᠨ ᠬᠡᠯᠪᠡᠷᠢ ᠨᠢ ᠠᠮᠢᠳᠤᠯᠢᠭ ᠰᠢᠨ᠎ᠡ ᠰᠡᠪᠡᠭᠦᠨ᠂ ᠠᠮᠢᠳᠤᠷᠠᠯ ᠳᠤ | ᠣᠶᠢᠷᠠᠳᠴᠤ᠂ ᠦᠵᠡᠯ ᠰᠠᠨᠠᠭᠠᠴᠢ ᠴᠢᠨᠠᠷ᠂ ᠤᠷᠠᠯᠢᠭᠴᠢ ᠴᠢᠨᠠᠷ᠂ ᠰᠣᠨᠢᠷᠬᠠᠯᠲᠤ ᠴᠢᠨᠠᠷ ᠤᠨ ᠣᠷᠭᠠᠨᠢᠭ ᠨᠢᠭᠡᠳᠦᠯ | ᠵᠡᠷᠭᠡ ᠣᠨᠴᠠᠯᠢᠭ ᠢ ᠲᠥᠪᠯᠡᠷᠡᠭᠦᠯᠵᠦ᠂ ᠮᠠᠯᠴᠢᠨ ᠲᠠᠷᠢᠶᠠᠴᠢᠨ ᠤ ᠳᠤᠷ᠎ᠠ ᠪᠠᠬ᠎ᠠ ᠶᠢ ᠶᠡᠬᠡᠳᠡ ᠳᠠᠲᠠᠪᠠ᠃ ᠣᠯᠠᠨ | ᠲᠦᠮᠡᠨ ᠤ ᠵᠦᠪᠰᠢᠶᠡᠷᠡᠯ ᠪᠠ ᠳᠡᠮᠵᠢᠯᠭᠡ ᠳᠤ᠂ ᠠᠬᠠᠮᠠᠳ ᠨᠢᠭᠡ ᠦᠶ᠎ᠡ ᠶᠢᠨ ᠤᠯᠠᠭᠠᠨᠮᠥ᠋ᠴᠢᠷ ᠤᠨ ᠭᠡᠰᠢᠭᠦᠨ᠂ | ᠠᠯᠳᠠᠷᠲᠤ ᠳᠠᠭᠤᠴᠢᠨ ᠯᠠᠰᠦ᠋ᠷᠦᠩ᠄ ︽ᠤᠯᠠᠭᠠᠨᠮᠥ᠋ᠴᠢᠷ ᠨᠠᠳᠠ ᠳᠤ ᠥᠷᠭᠡᠨ ᠠᠭᠤᠳᠠᠮ ᠲᠠᠪᠴᠠᠩ ᠬᠠᠩᠭᠠᠵᠤ᠂ | ᠲᠠᠯ᠎ᠠ ᠨᠤᠲᠤᠭ ᠤᠨ ᠮᠠᠯᠴᠢᠳ ᠨᠠᠮᠠᠶᠢ ᠬᠥᠮᠦᠵᠢᠭᠦᠯᠦᠭᠰᠡᠨ ᠶᠤᠮ᠃︾ ᠭᠡᠬᠦ ᠪᠣᠷᠣᠭᠵᠢᠭᠤᠨ ᠦᠭᠡ ᠨᠢ ᠦᠶ᠎ᠡ | ᠦᠶ᠎ᠡ ᠶᠢᠨ ᠤᠯᠠᠭᠠᠨᠮᠥ᠋ᠴᠢᠷ ᠤᠨ ᠬᠥᠮᠦᠰ ᠤᠨ ᠠᠷᠠᠳ ᠣᠯᠠᠨ ᠳᠤ ᠲᠠᠯᠠᠷᠬᠠᠬᠤ ᠰᠡᠳᠬᠢᠯ ᠤᠨ ᠳᠠᠭᠤᠨ ᠢ | ᠢᠯᠡᠳᠭᠡᠭᠰᠡᠨ ᠢᠶᠠᠷ ᠪᠠᠷᠠᠬᠤ ᠥᠬᠡᠶ᠂ ᠮᠥᠨ ᠴᠦ ᠤᠯᠠᠭᠠᠨᠮᠥ᠋ᠴᠢᠷ ᠤᠨ ᠠᠷᠠᠳ ᠲᠦᠮᠡᠨ ᠳᠤ ᠨᠢᠭᠲᠠ ᠲᠦᠰᠢᠭᠯᠡᠬᠦ᠂ | ᠠᠷᠠᠳ ᠲᠦᠮᠡᠨ ᠳᠤ ᠦᠢᠯᠡᠴᠢᠯᠡᠬᠦ ᠳᠤᠮᠳᠠ᠂ ᠤᠳᠬ᠎ᠠ ᠤᠷᠠᠯᠢᠭ ᠤᠨ ᠰᠢᠨ᠎ᠡ ᠶᠢ ᠡᠭᠦᠳᠬᠦ ᠶᠢ ᠠᠬᠢᠭᠤᠯᠬᠤ᠂ | ᠰᠣᠶᠣᠯ ᠤᠨ ᠦᠢᠯᠡᠳᠪᠦᠷᠢᠯᠡᠯ ᠤᠨ ᠬᠦᠴᠦᠨ ᠢ ᠴᠢᠯᠦᠭᠡᠯᠡᠨ ᠬᠥᠭᠵᠢᠭᠦᠯᠬᠦ ᠬᠥᠳᠡᠯᠭᠡᠬᠦ ᠬᠦᠴᠦᠨ ᠤ ᠡᠬᠢ ᠪᠤᠯᠠᠭ ᠢ | ᠭᠦᠨᠵᠡᠭᠡᠶ ᠢᠯᠡᠷᠡᠭᠦᠯᠪᠡ᠃ | | ᠤᠯᠠᠭᠠᠨᠮᠥ᠋ᠴᠢᠷ ᠪᠣᠯ ᠦᠨᠳᠦᠰᠦᠨ ᠱᠠᠲᠤᠨ ᠳᠤ ᠣᠷᠳᠣ ᠬᠤᠭᠤᠴᠠᠭ᠎ᠠ ᠪᠠᠷ ᠬᠥᠭᠵᠢᠶᠡᠨᠲᠡᠶ ᠪᠠᠶᠢᠭ᠎ᠠ | ᠶᠡᠷᠦᠩᠬᠡᠶᠢᠯᠡᠭᠰᠡᠨ ᠰᠣᠶᠣᠯ ᠤᠨ ᠦᠢᠯᠡᠴᠢᠯᠡᠭᠡᠨ ᠤ ᠠᠵᠢᠯ ᠤᠨ ᠠᠩᠭᠢ ᠪᠣᠯᠤᠨ᠎ᠠ᠃ ᠤᠴᠢᠷ ᠨᠢ ᠲᠡᠭᠦᠨ ᠳᠤ ︽ | ᠣᠬᠤᠷ ᠠᠪᠰᠠᠷᠬᠠᠨ ᠰᠢᠯᠢᠳᠡᠭ᠂ ᠨᠢᠭᠡ ᠮᠡᠷᠭᠡᠰᠢᠯ ᠣᠯᠠᠨ ᠴᠢᠳᠠᠪᠤᠷᠢ ᠲᠠᠢ︾ ᠵᠡᠷᠭᠡ ᠣᠨᠴᠠᠯᠢᠭ ᠲᠠᠢ ᠪᠠᠶᠢᠳᠠᠭ᠃ | ᠥᠷᠭᠡᠨ ᠣᠯᠠᠨ ᠮᠠᠯᠵᠢᠬᠤ ᠲᠠᠷᠢᠶᠠᠯᠠᠬᠤ ᠣᠷᠣᠨ ᠳᠤ ᠲᠣᠭᠤᠷᠢᠨ ᠦᠵᠡᠬᠦ ᠠᠷᠭ᠎ᠠ ᠮᠠᠶ᠋ᠢᠭ ᠢᠶᠠᠷ ᠤᠬᠠᠭᠤᠯᠭ᠎ᠠ ᠬᠢᠬᠦ᠂ | ᠲᠣᠭᠯᠠᠯᠲᠠ ᠭᠠᠷᠭᠠᠬᠤ ᠵᠡᠷᠭᠡ ᠦᠢᠯᠡᠴᠢᠯᠡᠭᠡ ᠲᠠᠢ᠃ | ᠤᠯᠠᠭᠠᠨᠮᠥ᠋ᠴᠢᠷ ᠤᠨ ᠭᠡᠰᠢᠭᠦᠳ ᠦᠨᠳᠦᠰᠦᠨ ᠱᠠᠲᠤᠨ ᠤ ᠤᠬᠠᠭᠤᠯᠭ᠎ᠠ᠂ ᠲᠣᠭᠯᠠᠯᠲᠠ᠂ ᠦᠢᠯᠡᠴᠢᠯᠡᠭᠡ | ᠵᠡᠷᠭᠡ ᠡᠭᠦᠷᠭᠡ ᠪᠠᠨ ᠪᠡᠶᠡᠯᠡᠭᠦᠯᠬᠦ ᠠᠴᠠ ᠭᠠᠳᠠᠨ᠎ᠠ᠂ ᠪᠠᠰᠠ ᠨᠢᠭᠡ ᠪᠦᠯᠦᠭ ᠮᠠᠯᠴᠢᠨ ᠲᠠᠷᠢᠶᠠᠴᠢᠨ ᠤ ᠤᠳᠬ᠎ᠠ | ᠤᠷᠠᠯᠢᠭ ᠤᠨ ᠭᠤᠣᠯᠯᠠᠭᠴᠢ ᠬᠦᠴᠦᠨ ᠢ ᠬᠠᠪᠰᠤᠷᠤᠨ ᠵᠢᠯᠤᠭᠤᠳᠴᠦ ᠬᠥᠮᠦᠵᠢᠭᠦᠯᠵᠦ᠂ ᠦᠨᠳᠦᠰᠦᠨ ᠱᠠᠲᠤᠨ ᠤ | ᠰᠣᠶᠣᠯ ᠤᠨ ᠠᠮᠢᠳᠤᠷᠠᠯ ᠢ ᠬᠥᠭᠵᠢᠶᠡᠨᠲᠡᠢ ᠪᠣᠯᠭᠠᠵᠤ᠂ ᠦᠨᠳᠦᠰᠦᠨ ᠱᠠᠲᠤᠨ ᠤ ᠰᠣᠶᠣᠯ ᠤᠨ ᠦᠢᠯᠡᠴᠢᠯᠡᠭᠡᠨ ᠤ | ᠬᠠᠩᠭᠠᠯᠭ᠎ᠠ ᠶᠢᠨ ᠳᠠᠯᠳᠠ ᠬᠦᠴᠦᠨ ᠢ ᠠᠭᠤᠳᠠᠯᠪᠠ᠃ ᠡᠨᠡ ᠨᠢ ᠦᠨᠳᠦᠰᠦᠨ ᠱᠠᠲᠤᠨ ᠤ ᠤᠯᠠᠨ ᠨᠡᠶᠢᠲᠡ ᠶᠢᠨ | ᠰᠣᠶᠣᠯ ᠤᠨ ᠥᠪᠡᠷ ᠢ ᠪᠠᠨ ᠬᠠᠩᠭᠠᠬᠤ ᠴᠢᠳᠠᠪᠤᠷᠢ ᠶᠢ ᠠᠬᠢᠭᠤᠯᠤᠭᠰᠠᠨ ᠢᠶᠠᠷ ᠪᠠᠷᠠᠬᠤ ᠦᠭᠡᠢ ᠪᠠᠰᠠ | ᠦᠨᠳᠦᠰᠦᠲᠡᠨ ᠤ ᠤᠯᠠᠮᠵᠢᠯᠠᠯᠲᠤ ᠰᠣᠶᠣᠯ ᠢ ᠬᠥᠭᠵᠢᠭᠦᠯᠬᠦ᠂ ᠥᠪᠡᠷᠮᠢᠴᠡ ᠣᠨᠴᠠᠯᠢᠭᠲᠤ ᠰᠣᠶᠣᠯ ᠤᠨ ᠲᠦᠷᠦᠯ | ᠲᠡᠮᠳᠡᠭ ᠢ ᠡᠭᠦᠳᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃ ᠬᠡᠳᠦᠨ ᠠᠷᠪᠠᠨ ᠵᠢᠯ ᠤᠨ | ᠲᠤᠷᠰᠢ᠂ ᠤᠯᠠᠭᠠᠨᠮᠥ᠋ᠴᠢᠷ ᠤᠨ ᠭᠡᠰᠢᠭᠦᠳ ᠢᠮᠠᠭᠲᠠ ᠠᠷᠠᠳ ᠲᠦᠮᠡᠨ ᠳᠤ ᠴᠢᠩᠭ᠎ᠠ ᠳᠦᠰᠢᠭᠯᠡᠬᠦ ᠶᠢ ᠪᠠᠷᠢᠮᠲᠠᠯᠠᠵᠤ᠂ | ᠠᠷᠠᠳ ᠲᠦᠮᠡᠨ ᠤ ᠣᠶᠤᠨ ᠤᠬᠠᠭᠠᠨ ᠢ ᠰᠢᠩᠭᠡᠭᠡᠨ ᠠᠪᠴᠤ᠂ ᠠᠷᠠᠳ ᠲᠦᠮᠡᠨ ᠳᠤ ᠦᠢᠯᠡᠴᠢᠯᠡᠬᠦ ᠳᠤᠮᠳᠠ | ᠥᠪᠡᠷ ᠢ ᠪᠠᠨ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠥᠪᠡᠷ ᠢ ᠪᠠᠨ ᠬᠥᠭᠵᠢᠭᠦᠯᠪᠡ᠃ ᠣᠳᠣᠬᠠᠨ ᠳᠤ᠂ ᠥᠪᠥᠷ | ᠮᠣᠩᠭᠤᠯ ᠤᠨ ᠤᠯᠠᠭᠠᠨᠮᠥ᠋ᠴᠢᠷ ᠨᠢ ᠨᠢᠭᠡᠨᠲᠡ ᠪᠠᠶᠢᠭᠤᠯᠤᠭᠳᠠᠭᠰᠠᠨ ᠡᠬᠢᠨ ᠤ ᠦᠶ᠎ᠡ ᠶᠢᠨ 2 ᠡᠩᠨᠡᠭᠡ᠂ 12 ᠬᠡᠰᠢᠬᠦᠨ | ᠪᠠᠶᠢᠭᠰᠠᠨ ᠠᠴᠠ ᠪᠠᠨ 75 ᠡᠩᠨᠡᠭᠡ᠂ 3000 ᠭᠠᠷᠤᠶ ᠬᠥᠮᠦᠨ ᠤ ᠶᠡᠷᠦᠩᠬᠡᠶᠢᠯᠡᠭᠰᠡᠨ ᠰᠣᠶᠤᠯ ᠤᠨ | ᠦᠢᠯᠡᠴᠢᠯᠡᠭᠡᠨ ᠤ ᠠᠵᠢᠯᠯᠠᠬᠤ ᠠᠩᠭᠢ ᠪᠣᠯᠤᠨ ᠬᠥᠭᠵᠢᠵᠡᠶ᠃ ᠡᠳᠡᠭᠡᠷ ᠪᠦᠬᠦᠨ ᠨᠢ ᠴᠥᠮ ᠠᠷᠠᠳ ᠣᠯᠠᠨ ᠤ | ᠳᠡᠮᠵᠢᠯᠭᠡ ᠪᠠ ᠪᠠᠭ᠋ᠠᠷᠬᠠᠯ ᠳᠤ ᠲᠦᠰᠢᠭᠯᠡᠨ᠎ᠡ᠂ ᠠᠷᠠᠳ ᠣᠯᠠᠨ ᠡᠨᠡ ᠡᠳᠦᠷ ᠤᠨ ᠤᠯᠠᠭᠠᠨᠮᠥ᠋ᠴᠢᠷ ᠢ ᠪᠤᠢ ᠪᠣᠯᠭᠠᠵᠤ᠂ | ᠲᠡᠭᠦᠨ ᠢ ᠰᠠᠯᠬᠢ ᠪᠣᠷᠣᠭᠠᠨ ᠢ ᠲᠤᠭᠤᠯᠤᠭᠤᠯᠵᠦ᠂ ᠰᠢᠨ᠎ᠡ ᠴᠠᠭ ᠦᠶ᠎ᠡ ᠳᠤ ᠰᠢᠨ᠎ᠡ ᠬᠥᠭᠵᠢᠯᠲᠡ ᠶᠢ ᠤᠭᠲᠤᠨ | ᠠᠪᠴᠢᠷᠠᠵᠤ᠂ ᠰᠢᠨ᠎ᠡ ᠠᠶᠠᠨ ᠵᠠᠮ ᠢᠶᠠᠨ ᠡᠬᠢᠯᠡᠭᠦᠯᠪᠡ᠃ ᠲᠡᠤᠬᠡ ᠶᠢᠨ ᠦᠢᠯᠡᠳᠦᠯᠭᠡ ᠭᠡᠷᠡᠴᠢᠯᠡᠭᠰᠡᠨ ᠨᠢ᠂ ᠮᠠᠨ ᠤ | ᠨᠠᠮ ᠠᠷᠠᠳ ᠤᠯᠠᠨ ᠢ ᠳᠠᠭᠠᠭᠤᠯᠤᠨ ᠳᠤᠮᠳᠠᠳᠤ ᠤᠯᠤᠰ ᠤᠨ ᠭᠠᠶᠢᠬᠠᠮᠰᠢᠭ ᠢ ᠵᠠᠯᠭ᠎ᠠ ᠵᠠᠯᠭ᠎ᠠ ᠪᠠᠷ ᠡᠭᠦᠳᠦᠨ | ᠪᠦᠲᠦᠭᠡᠵᠦ ᠴᠢᠳᠠᠭᠰᠠᠨ ᠤ ᠦᠨᠳᠦᠰᠦᠨ ᠰᠢᠯᠲᠠᠭᠠᠨ ᠨᠢ ᠨᠠᠮ ᠠᠷᠠᠳ ᠲᠦᠮᠡᠨ ᠪᠣᠯ ᠲᠡᠤᠬᠡ ᠶᠢᠨ ᠡᠭᠦᠳᠦᠨ | ᠪᠦᠲᠦᠭᠡᠭᠴᠢ ᠮᠥᠨ ᠭᠡᠳᠡᠭ ᠢ ᠢᠮᠠᠭᠲᠠ ᠪᠠᠲᠤ ᠢᠲᠡᠭᠡᠭᠰᠡᠨ ᠳᠤ ᠪᠠᠶᠢᠨ᠎ᠠ᠃ ᠠᠷᠠᠳ ᠲᠦᠮᠡᠨ ᠪᠣᠯ ᠠᠯᠢᠪᠠ ᠬᠦᠴᠦᠨ | ᠴᠢᠳᠠᠯ ᠤᠨ ᠡᠬᠢ ᠪᠤᠯᠠᠭ ᠮᠥᠨ︔ ᠮᠠᠨ ᠤ ᠨᠠᠮ ᠣᠯᠠᠨ ᠲᠦᠮᠡᠨ ᠲᠠᠢ ᠨᠢᠭᠲᠠ ᠬᠠᠷᠢᠯᠴᠠᠵᠤ᠂ ᠠᠷᠠᠳ ᠲᠦᠮᠡᠨ ᠢ | ᠴᠢᠩᠭ᠎ᠠ ᠲᠦᠰᠢᠭᠯᠡᠬᠦ ᠶᠢ ᠪᠠᠷᠢᠮᠳᠠᠯᠠᠵᠦ᠂ ᠬᠠᠮᠤᠭ ᠤᠨ ᠥᠷᠭᠡᠨ ᠣᠯᠠᠨ ᠠᠷᠠᠳ ᠲᠦᠮᠡᠨ ᠤ ᠢᠳᠡᠪᠬᠢᠵᠢᠯ᠂ | ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠪᠠᠳᠠᠷᠠᠭᠤᠯᠵᠤ᠂ ᠦᠢᠯᠡᠳᠦᠯᠭᠡ ᠶᠢᠨ ᠡᠭᠦᠳᠦᠨ | ᠪᠦᠲᠦᠭᠡᠯᠲᠡ ᠶᠢᠨ ᠳᠤᠮᠳᠠ ᠰᠣᠶᠣᠯ ᠤᠨ ᠡᠭᠦᠳᠦᠨ ᠪᠦᠲᠦᠭᠡᠯᠲᠡ ᠬᠢᠵᠦ᠂ ᠲᠡᠤᠬᠡ ᠶᠢᠨ ᠳᠠᠪᠰᠢᠯᠲᠠ ᠶᠢᠨ ᠳᠤᠮᠳᠠ | ᠰᠣᠶᠣᠯ ᠤᠨ ᠳᠠᠪᠰᠢᠯᠲᠠ ᠶᠢ ᠪᠡᠶᠡᠯᠡᠭᠦᠯᠪᠡ᠃ | 3᠂ ᠠᠷᠠᠳ ᠲᠦᠮᠡᠨ ᠳᠤ ᠲᠠᠰᠤᠷᠠᠯᠲᠠ ᠦᠭᠡᠢ ᠪᠤᠶᠠᠨ ᠦᠢᠯᠡᠳᠬᠦ ᠪᠣᠯ ᠤᠯᠠᠭᠠᠨᠮᠥ᠋ᠴᠢᠷ ᠤᠨ ᠡᠭᠦᠷᠢᠳᠡ ᠶᠢᠨ | ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠮᠥᠨ | ᠠᠷᠠᠳ ᠲᠦᠮᠡᠨ ᠳᠤ ᠲᠠᠰᠤᠷᠠᠯᠲᠠ ᠦᠭᠡᠢ ᠪᠤᠶᠠᠨ ᠦᠢᠯᠡᠳᠬᠦ ᠪᠣᠯ ᠠᠷᠠᠳ ᠲᠦᠮᠡᠨ ᠢᠶᠠᠷ ᠭᠤᠤᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠬᠤ ᠶᠢᠨ ᠡᠭᠦᠰᠦᠯᠲᠡ ᠪᠠ ᠵᠤᠭᠰᠤᠴᠠ ᠮᠥᠨ᠃ ᠶᠡᠷᠦᠩᠬᠡᠶ ᠱᠦᠵᠢ | ᠰᠢ ᠶᠢᠨ ᠫᠢᠩ᠄ ︽ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠪᠣᠯ ᠳᠠᠷᠤᠶ | ᠮᠠᠨ ᠤ ᠲᠡᠮᠡᠴᠡᠯ ᠤᠨ ᠬᠠᠷᠠᠯᠲᠠ ᠮᠥᠨ᠃︾ ᠡᠨᠡ ᠨᠢ ᠨᠠᠮ ᠤᠨ ᠤᠳᠤᠷᠢᠳᠤᠭᠴᠢ ᠶᠢᠨ ᠤᠯᠠᠨ ᠲᠦᠮᠡᠨ ᠲᠠᠢ | ᠰᠡᠳᠬᠢᠯ ᠵᠢᠷᠦᠬᠡ ᠪᠠᠨ ᠬᠤᠯᠪᠣᠬᠤ᠂ ᠠᠷᠠᠳ ᠤᠨ ᠠᠮᠢᠳᠤᠷᠠᠯ ᠢ ᠠᠩᠬᠠᠷᠬᠤ ᠠᠷᠠᠳ ᠤᠨ ᠲᠥᠯᠥᠭᠡ ᠵᠢᠳᠬᠦᠬᠦ | ᠰᠡᠳᠬᠢᠯᠭᠡ ᠶᠢ ᠭᠦᠢᠴᠡᠳ ᠢᠯᠡᠷᠡᠭᠦᠯᠵᠡᠶ᠃ ᠤᠯᠠᠭᠠᠨᠮᠥ᠋ᠴᠢᠷ ᠪᠣᠯ ᠨᠠᠮ ᠤᠨ ᠥᠪᠥᠷ ᠮᠣᠩᠭᠤᠯ ᠳᠤ ᠡᠭᠦᠳᠦᠭᠰᠡᠨ | ᠰᠣᠶᠣᠯ ᠤᠨ ᠠᠵᠢᠯ ᠤᠨ ᠡᠩᠨᠡᠭᠡ ᠪᠣᠯᠤᠨ᠎ᠠ᠂ ᠠᠷᠠᠳ ᠲᠦᠮᠡᠨ ᠳᠤ ᠦᠢᠯᠡᠴᠢᠯᠡᠬᠦ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠥᠷᠭᠡᠨ ᠣᠯᠠᠨ ᠮᠠᠯᠴᠢᠨ ᠲᠠᠷᠢᠶᠠᠴᠢᠨ ᠳᠤ ᠪᠠᠶᠠᠷ ᠪᠠᠶᠠᠰᠤᠯ ᠪᠠ | ᠪᠣᠯᠪᠠᠰᠤᠨ ᠬᠦᠷᠭᠡᠵᠦ᠂ ᠤᠯᠠᠭᠠᠨᠮᠥ᠋ᠴᠢᠷ ᠤᠨ ᠬᠤᠪᠢᠰᠬᠠᠯᠲᠤ ᠤᠳᠤᠮᠰᠢᠯ ᠢ ᠬᠤᠪᠢᠷᠠᠭᠤᠯᠬᠤ ᠦᠭᠡᠢ ᠪᠠᠶᠢᠬᠤ ᠶᠢ | ᠢᠮᠠᠭᠲᠠ ᠪᠠᠷᠢᠮᠲᠠᠯᠠᠵᠤ᠂ ᠲᠠᠯ᠎ᠠ ᠨᠤᠲᠤᠭ ᠲᠤ ᠦᠨᠳᠦᠰᠦᠯᠡᠵᠦ᠂ ᠦᠨᠳᠦᠰᠦᠨ ᠱᠠᠲᠤᠨ ᠳᠤ ᠦᠨᠳᠦᠰᠦᠯᠡᠵᠦ᠂ | ᠨᠠᠮ ᠤᠨ ᠲᠠᠭᠤᠨ ᠪᠠ ᠬᠠᠯᠠᠮᠵᠢᠯᠠᠯ ᠢ ᠳᠠᠮᠵᠢᠭᠤᠯᠪᠠ᠃ | | 60 ᠭᠠᠷᠤᠶ ᠵᠢᠯ ᠤᠨ ᠲᠤᠷᠰᠢ᠂ ᠤᠯᠠᠭᠠᠨᠮᠥ᠋ᠴᠢᠷ ᠲᠡᠷᠢᠭᠦᠨ ᠤ ᠰᠣᠶᠣᠯ ᠢ ᠤᠯᠠᠮᠵᠢᠯᠠᠨ ᠳᠡᠯᠭᠡᠷᠡᠭᠦᠯᠬᠦ᠂ | ᠮᠠᠯᠵᠢᠬᠤ ᠲᠠᠷᠢᠶᠠᠯᠠᠬᠤ ᠣᠷᠣᠨ ᠤ ᠰᠤᠶᠤᠯ ᠤᠨ ᠠᠮᠢᠳᠤᠷᠠᠯ ᠢ ᠬᠥᠭᠵᠢᠶᠡᠨᠲᠡᠶ ᠪᠣᠯᠭᠠᠬᠤ ᠡᠭᠦᠷᠭᠡ ᠶᠢ ᠡᠭᠦᠷᠭᠡᠯᠡᠵᠦ | ᠪᠠᠶᠢᠬᠤ ᠪᠠᠷ ᠪᠠᠷᠠᠬᠤ ᠥᠬᠡᠶ᠂ ᠪᠠᠰᠠ ᠣᠯᠠᠨ ᠲᠦᠮᠡᠨ ᠲᠠᠢ ᠬᠠᠷᠢᠯᠴᠠᠵᠤ ᠦᠢᠯᠡᠴᠢᠯᠡᠬᠦ ︽ᠡᠴᠦᠰ ᠤᠨ ᠨᠢᠭᠡ | ᠺᠢᠯᠣᠮᠧᠲᠷ︾ ᠤᠨ ᠴᠢᠬᠤᠯᠠ ᠡᠭᠦᠷᠭᠡ ᠶᠢ ᠡᠭᠦᠷᠭᠡᠯᠡᠵᠦ ᠪᠠᠶᠢᠨ᠎ᠠ᠃ | ᠤᠯᠠᠭᠠᠨᠮᠥ᠋ᠴᠢᠷ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯᠲᠤ ᠰᠣᠶᠣᠯ ᠪᠣᠯᠤᠨ | ᠨᠡᠶᠢᠭᠡᠮ ᠵᠢᠷᠦᠮ ᠤᠨ ᠲᠡᠷᠢᠭᠦᠨ ᠤ ᠰᠣᠶᠣᠯ ᠢᠶᠠᠷ ᠨᠡᠶᠢᠭᠡᠮ ᠤᠨ ᠬᠡᠪ ᠰᠤᠷᠲᠠᠯ ᠢ ᠬᠥᠲᠥᠯᠥᠨ ᠳᠠᠭᠠᠭᠤᠯᠵᠤ᠂ ᠠᠷᠠᠳ | ᠲᠦᠮᠡᠨ ᠢ ᠰᠤᠷᠭᠠᠨ ᠬᠥᠮᠦᠵᠢᠭᠦᠯᠵᠦ᠂ ᠨᠡᠶᠢᠭᠡᠮ ᠳᠤ ᠦᠢᠯᠡᠴᠢᠯᠡᠵᠦ᠂ ᠠᠷᠠᠳ ᠲᠦᠮᠡᠨ ᠪᠣᠯᠤᠨ ᠨᠡᠶᠢᠭᠡᠮ ᠤᠨ ᠪᠥᠬᠦ | ᠲᠠᠯ᠎ᠠ ᠶᠢᠨ ᠬᠥᠭᠵᠢᠯᠲᠡ ᠶᠢ ᠠᠬᠢᠭᠤᠯᠬᠤ ᠪᠠᠷ ᠢᠮᠠᠭᠲᠠ ᠴᠢᠷᠮᠠᠶᠢᠭᠰᠠᠭᠠᠷ ᠢᠷᠡᠭᠰᠡᠨ ᠶᠤᠮ᠃ ᠥᠩᠭᠡᠷᠡᠭᠰᠡᠨ ᠢᠶᠠᠨ | ᠡᠷᠭᠢᠴᠡᠭᠦᠯᠪᠡᠯ᠂ ᠤᠯᠠᠭᠠᠨᠮᠥ᠋ᠴᠢᠷ ᠦᠨᠳᠦᠰᠦᠨ ᠱᠠᠲᠤᠨ ᠤ ᠮᠠᠯᠴᠢᠨ ᠲᠠᠷᠢᠶᠠᠴᠢᠨ ᠤ ᠣᠶᠤᠨ ᠰᠠᠨᠠᠭ᠎ᠠ ᠰᠣᠶᠣᠯ ᠤᠨ | ᠠᠮᠢᠳᠤᠷᠠᠯ ᠢ ᠲᠦᠢᠯ ᠤᠨ ᠶᠡᠭᠡ ᠪᠠᠷ ᠪᠠᠶᠠᠯᠢᠭᠵᠢᠭᠤᠯᠤᠭᠰᠠᠨ ᠪᠥᠭᠡᠳ ᠪᠠᠰᠠ ᠪᠤᠶᠢᠳᠠ ᠪᠥᠭᠯᠡᠭᠦᠤ ᠮᠠᠯᠵᠢᠬᠤ | ᠲᠠᠷᠢᠶᠠᠯᠠᠬᠤ ᠣᠷᠣᠨ ᠤ ᠨᠡᠶᠢᠭᠡᠮ ᠤᠨ ᠳᠦᠷᠰᠦ ᠪᠠᠶᠢᠳᠠᠯ ᠢ ᠵᠣᠬᠢᠬᠤ ᠬᠡᠮᠵᠢᠶ᠎ᠡ ᠪᠠᠷ ᠬᠤᠪᠢᠷᠠᠭᠤᠯᠤᠭᠰᠠᠨ ᠪᠠᠶᠢᠨ᠎ᠠ᠃ | ᠰᠢᠨ᠎ᠡ ᠴᠠᠭ ᠣᠶᠢᠶ᠎ᠠ ᠳᠤ ᠤᠯᠠᠭᠠᠨᠮᠥ᠋ᠴᠢᠷ ᠡᠷᠡᠯᠬᠡᠭᠯᠡᠨ ᠤᠷᠤᠭᠰᠢᠯᠠᠵᠤ᠂ ᠪᠦᠬᠦ ᠣᠷᠣᠨ ᠤ ᠬᠡᠪᠴᠢᠶᠡᠨ ᠳᠤ ︽ | ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠷᠠᠳ ᠲᠦᠮᠡᠨ ᠤ ᠳᠤᠮᠳᠠ ᠣᠴᠢᠬᠤ︾ ᠦᠨᠳᠦᠰᠦᠨ | ᠱᠠᠲᠤᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ 220 | ᠰᠠᠯᠠᠭ᠎ᠠ ︽ᠲᠠᠯ᠎ᠠ ᠨᠤᠲᠤᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠬᠥᠩᠭᠡᠨ ᠮᠣᠷᠢᠲᠤ ᠴᠡᠷᠢᠭ︾ ᠤᠨ ᠲᠤᠰᠬᠠᠢ | ᠰᠠᠶᠢᠨ ᠳᠤᠷᠠᠴᠤᠳ ᠤᠨ ᠡᠩᠨᠡᠭᠡ ᠶᠢ ᠵᠣᠬᠢᠶᠠᠨ ᠪᠠᠶᠢᠭᠤᠯᠵᠤ᠂ 2000 ᠭᠠᠷᠤᠶ ᠦᠢᠯᠡᠴᠢᠯᠡᠭᠡᠨ ᠤ ᠴᠢᠭ ᠲᠤ | ᠬᠦᠷᠴᠦ᠂ ᠦᠨᠳᠦᠰᠦᠨ ᠱᠠᠲᠤᠨ ᠳᠤ ᠬᠠᠨᠳᠤᠭᠤᠯᠤᠨ ᠤᠳᠬ᠎ᠠ ᠤᠷᠠᠯᠢᠭ᠂ ᠲᠥᠷᠥ ᠶᠢᠨ ᠪᠣᠳᠣᠯᠭ᠎ᠠ᠂ ᠰᠢᠨᠵᠢᠯᠡᠬᠦ | ᠤᠬᠠᠭᠠᠨ ᠮᠡᠷᠭᠡᠵᠢᠯ᠂ ᠡᠷᠡᠭᠦᠯ ᠬᠠᠮᠠᠭᠠᠯᠠᠯ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠡᠷᠭᠡ | ᠶᠡᠷᠦᠩᠬᠡᠶᠢᠯᠡᠭᠰᠡᠨ ᠦᠢᠯᠡᠴᠢᠯᠡᠭᠡ ᠬᠠᠩᠭᠠᠪᠠ᠃ 2020 ᠣᠨ ᠳᠤ᠂ ᠥᠪᠡᠷᠲᠡᠭᠡᠨ ᠵᠠᠰᠠᠬᠤ ᠣᠷᠣᠨ ︽ | ᠤᠯᠠᠭᠠᠨᠮᠥ᠋ᠴᠢᠷ ᠤᠨ ᠰᠠᠷ᠎ᠠ · ᠠᠯᠢᠪᠠ ᠪᠦᠬᠦᠨ ᠠᠷᠠᠳ ᠲᠦᠮᠡᠨ ᠤ ᠲᠥᠯᠥᠭᠡ︾ ᠭᠡᠬᠦ ᠭᠤᠤᠯ ᠰᠡᠳᠦᠪᠲᠦ | ᠠᠵᠢᠯᠯᠠᠭ᠎ᠠ ᠶᠢ ᠡᠬᠢᠯᠡᠭᠦᠯᠵᠦ᠂ ᠤᠯᠠᠭᠠᠨᠮᠥ᠋ᠴᠢᠷ ᠢ ᠣᠯᠠᠨ ᠲᠦᠮᠡᠨ ᠤ ᠳᠤᠮᠳᠠ ︽ᠨᠢᠭᠤᠷᠳᠠᠵᠤ︾᠂ ︽ᠦᠨᠡᠨ | ᠪᠣᠳᠠᠲᠠᠢ ᠪᠠᠶᠢᠬᠤ︾ ᠪᠠᠷ ᠠᠷᠠᠳ ᠤᠯᠠᠨ ᠳᠤ ᠠᠰᠠᠭᠤᠳᠠᠯ ᠢ ᠰᠢᠢᠳᠪᠦᠷᠢᠯᠡᠵᠦ ᠥᠭᠴᠦ᠂ ︽ᠦᠨᠡᠨ ᠰᠡᠳᠬᠢᠯ ᠠᠴᠠ | ︾ ᠤᠯᠠᠨ ᠲᠦᠮᠡᠨ ᠳᠤ ᠦᠢᠯᠡᠴᠢᠯᠡᠭᠡ ᠬᠠᠩᠭᠠᠨ᠎ᠠ᠃ ᠡᠨᠡ ᠪᠦᠬᠦᠨ ᠨᠢ ᠤᠯᠠᠭᠠᠨᠮᠥ᠋ᠴᠢᠷ ᠤᠨ ᠠᠷᠠᠳ ᠲᠦᠮᠡᠨ ᠢᠶᠠᠷ | ᠭᠤᠤᠯ ᠪᠣᠯᠭᠠᠵᠤ᠂ ᠠᠷᠠᠳ ᠲᠦᠮᠡᠨ ᠳᠤ ᠲᠠᠰᠤᠷᠠᠯᠲᠠ ᠥᠬᠡᠶ ᠪᠤᠶᠠᠨ ᠦᠢᠯᠡᠳᠬᠦ ᠬᠦᠰᠡᠯᠡᠩ ᠢᠲᠡᠭᠡᠯ ᠪᠢᠰᠢᠷᠡᠯ ᠢ | ᠳᠠᠬᠢᠨᠲᠠ ᠭᠡᠷᠡᠴᠢᠯᠡᠵᠡᠶ᠃ | ᠤᠯᠠᠭᠠᠨᠬᠦᠦ ᠨᠥᠬᠦᠷ ᠤᠯᠠᠭᠠᠨᠮᠥ᠋ᠴᠢᠷ ᠪᠠᠶᠢᠭᠤᠯᠤᠭᠳᠠᠭᠰᠠᠨ 30 ᠵᠢᠯ ᠤᠨ ᠤᠢ ᠶᠢ ᠳᠤᠷᠠᠰᠬᠠᠬᠤ ᠳᠠᠭᠠᠨ᠄ ︽ | ᠥᠪᠥᠷ ᠮᠤᠩᠭᠤᠯ ᠤᠨ 40 ᠵᠢᠯ ᠤᠨ ᠲᠤᠷᠰᠢᠬᠢ ᠪᠦᠲᠦᠭᠡᠨ ᠪᠠᠶᠢᠭᠤᠯᠤᠯᠲᠠ ᠶᠢᠨ ᠠᠮᠵᠢᠯᠲᠠ ᠪᠦᠲᠦᠮᠵᠢ ᠨᠢ | ᠤᠯᠠᠭᠠᠨᠮᠥ᠋ᠴᠢᠷ ᠤᠨ ᠨᠢᠭᠡ ᠬᠤᠪᠢ ᠭᠠᠪᠢᠶ᠎ᠠ ᠪᠠᠶᠢᠨ᠎ᠠ᠃︾ ᠡᠨᠡ ᠦᠭᠡ ᠨᠢ ᠤᠯᠠᠭᠠᠨᠮᠥ᠋ᠴᠢᠷ ᠤᠨ ᠥᠪᠥᠷ | ᠮᠣᠩᠭᠤᠯ ᠤᠨ ᠠᠵᠤ ᠠᠬᠤᠶ ᠨᠡᠶᠢᠭᠡᠮ ᠤᠨ ᠪᠠᠶᠢᠭᠤᠯᠤᠯᠲᠠ ᠪᠠ ᠰᠣᠶᠣᠯ ᠤᠨ ᠪᠠᠶᠢᠭᠤᠯᠤᠯᠲᠠ ᠶᠢ ᠠᠬᠢᠭᠤᠯᠬᠤ ᠳᠤ | ᠦᠵᠡᠭᠦᠯᠦᠭᠰᠡᠨ ᠴᠢᠬᠤᠯᠠ ᠶᠡᠭᠡ ᠬᠤᠪᠢ ᠨᠡᠮᠡᠷᠢ ᠶᠢ ᠳᠡᠭᠡᠳᠦ ᠬᠡᠮᠵᠢᠶ᠎ᠡ ᠪᠠᠷ ᠬᠤᠷᠢᠶᠠᠩᠭᠤᠶᠢᠯᠠᠭᠰᠠᠨ ᠪᠥᠭᠡᠳ | ᠨᠤᠲᠠᠯᠠᠪᠠ᠃ ᠤᠯᠠᠭᠠᠨᠮᠥ᠋ᠴᠢᠷ ᠬᠡᠳᠦᠨ ᠠᠷᠪᠠᠨ ᠵᠢᠯ ᠤᠨ ᠲᠤᠷᠰᠢ ᠠᠷᠠᠳ ᠲᠦᠮᠡᠨ ᠳᠤ ᠦᠢᠯᠡᠴᠢᠯᠡᠬᠦ᠂ ᠨᠡᠶᠢᠭᠡᠮ ᠳᠤ | ᠦᠢᠯᠡᠴᠢᠯᠡᠬᠦ ᠶᠠᠪᠤᠴᠠ ᠳᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯᠲᠤ ᠰᠣᠶᠣᠯ ᠢ | ᠤᠯᠠᠮᠵᠢᠯᠠᠨ ᠵᠠᠯᠭᠠᠮᠵᠢᠯᠠᠬᠤ᠂ ᠨᠡᠶᠢᠭᠡᠮ ᠵᠢᠷᠤᠮ ᠤᠨ ᠰᠣᠶᠣᠯ ᠢ ᠬᠥᠭᠵᠢᠭᠦᠯᠬᠦ ᠵᠡᠷᠭᠡ ᠲᠠᠯ᠎ᠠ ᠪᠠᠷ ᠯᠤᠲᠤ ᠶᠡᠭᠡ ᠬᠤᠪᠢ | ᠨᠡᠮᠡᠷᠢ ᠦᠵᠡᠭᠦᠯᠦᠭᠰᠡᠨ ᠢᠶᠠᠷ ᠪᠠᠷᠠᠬᠤ ᠦᠭᠡᠢ᠂ ᠡᠯ᠎ᠡ ᠦᠨᠳᠦᠰᠦᠲᠡᠨ ᠤ ᠪᠦᠯᠬᠦᠮᠳᠡᠯ ᠢ ᠠᠬᠢᠭᠤᠯᠬᠤ᠂ | ᠦᠨᠳᠦᠰᠦᠲᠡᠨ ᠤ ᠭᠠᠵᠠᠷ ᠣᠷᠣᠨ ᠤ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠬᠠᠮᠠᠭᠠᠯᠠᠬᠤ ᠵᠡᠷᠭᠡ | ᠲᠠᠯ᠎ᠠ ᠳᠤ ᠯᠤᠲᠤ ᠶᠡᠭᠡ ᠦᠢᠯᠡᠳᠦᠯ ᠦᠵᠡᠭᠦᠯᠦᠭᠰᠡᠨ ᠪᠠᠶᠢᠨ᠎ᠠ᠃ | ᠣᠯᠠᠨ ᠤ ᠮᠡᠳᠡᠭᠡᠵᠢ ᠪᠠᠷ᠂ ᠪᠣᠯᠪᠠᠰᠤᠨ ᠥᠪᠥᠷ ᠮᠣᠩᠭᠤᠯ ᠢ ᠪᠥᠲᠥᠭᠡᠨ ᠪᠠᠶᠢᠭᠤᠯᠬᠤ ᠪᠣᠯ ᠣᠳᠣᠬᠠᠨ ᠤ ᠪᠥᠬᠦ | ᠣᠷᠣᠨ ᠳᠤ ᠲᠤᠯᠭᠠᠷᠠᠵᠤ ᠪᠠᠶᠢᠭ᠎ᠠ ᠨᠢᠭᠡ ᠴᠢᠬᠤᠯᠠ ᠡᠭᠦᠷᠭᠡ ᠪᠣᠯᠤᠨ᠎ᠠ᠃ ᠰᠣᠶᠣᠯ ᠤᠨ ᠴᠡᠴᠡᠭᠯᠡᠯ ᠬᠥᠭᠵᠢᠯ ᠪᠣᠯ | ᠪᠣᠯᠪᠠᠰᠤᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠦᠨᠳᠦᠰᠦᠨ ᠠᠷᠭ᠎ᠠ ᠵᠠᠮ ᠮᠥᠨ᠂ ᠤᠯᠠᠭᠠᠨᠮᠥ᠋ᠴᠢᠷ ᠰᠢᠨ᠎ᠡ | ᠴᠠᠭ ᠦᠶ᠎ᠡ ᠳᠤ ᠰᠣᠶᠣᠯ ᠤᠨ ᠬᠥᠳᠡᠯᠭᠡᠬᠦ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠥᠪᠥᠷ ᠮᠣᠩᠭᠤᠯ ᠤᠨ | ᠰᠣᠶᠣᠯ ᠤᠨ ᠴᠡᠴᠡᠭᠯᠡᠯᠲᠡ ᠬᠥᠭᠵᠢᠯᠲᠡ ᠶᠢ ᠠᠬᠢᠭᠤᠯᠬᠤ ᠶᠢᠨ ᠬᠠᠮᠲᠤ ᠬᠠᠮᠢᠭ᠎ᠠ ᠬᠡᠷᠡᠭᠴᠡᠭᠡ ᠪᠠᠶᠢᠬᠤ᠂ ᠬᠠᠮᠢᠭ᠎ᠠ | ᠬᠠᠮᠤᠭ ᠤᠨ ᠬᠦᠴᠢᠷ ᠪᠡᠷᠬᠡᠰᠢᠶᠡᠯ ᠲᠠᠢ ᠪᠠᠶᠢᠬᠤ᠂ ᠬᠠᠮᠢᠭ᠎ᠠ ᠬᠠᠮᠤᠭ ᠤᠨ ᠪᠤᠶᠢᠳᠠ ᠪᠥᠭᠯᠡᠭᠦᠤ ᠪᠠᠶᠢᠪᠠᠯ ᠲᠡᠨᠳᠡ | ᠣᠴᠢᠬᠤ ᠶᠢ ᠢᠮᠠᠭᠲᠠ ᠪᠠᠷᠢᠮᠲᠠᠯᠠᠪᠠ︔ ᠢᠮᠠᠭᠲᠠ ᠦᠨᠳᠦᠰᠦᠨ ᠱᠠᠲᠤᠨ ᠤ ᠮᠠᠯᠴᠢᠨ ᠲᠠᠷᠢᠶᠠᠴᠢᠨ ᠲᠠᠢ ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠵᠤ᠂ ᠪᠦᠯᠬᠦᠮᠳᠡᠨ ᠬᠠᠪᠰᠤᠷᠤᠯᠴᠠᠵᠤ᠂ ᠦᠨᠳᠦᠰᠦᠲᠡᠨ ᠨᠦᠭᠦᠳ ᠤᠨ ᠠᠷᠠᠳ | ᠲᠦᠮᠡᠨ ᠤ ᠨᠢᠭᠡ ᠭᠡᠷ ᠤᠨ ᠬᠥᠮᠦᠰ ᠤᠨ ᠤᠶᠤᠨ ᠰᠠᠨᠠᠭᠠᠨ ᠤ ᠬᠤᠯᠪᠣᠭᠠᠰᠤ ᠶᠢ ᠴᠢᠩᠭ᠎ᠠ ᠴᠢᠩᠭᠠᠯᠠᠵᠤ᠂ | ᠦᠨᠳᠦᠰᠦᠲᠡᠨ ᠤ ᠣᠷᠣᠨ ᠤ ᠨᠡᠶᠢᠭᠡᠮ ᠤᠨ ᠲᠦᠪᠰᠢᠷᠡᠯ ᠪᠦᠯᠬᠦᠮᠳᠡᠯ ᠢ ᠲᠦᠢᠯ ᠤᠨ ᠶᠡᠭᠡ ᠪᠠᠷ ᠠᠬᠢᠭᠤᠯᠤᠨ | ᠬᠠᠮᠠᠭᠠᠯᠠᠪᠠ᠃ ᠤᠴᠢᠷ ᠨᠢ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠪᠣᠯ ᠪᠣᠯᠪᠠᠰᠤᠨ ᠥᠪᠥᠷ | ᠮᠣᠩᠭᠤᠯ ᠢ ᠪᠦᠲᠦᠭᠡᠨ ᠪᠠᠶᠢᠭᠤᠯᠬᠤ ᠶᠢᠨ ᠤᠷᠢᠲᠠᠯ ᠪᠠ ᠰᠠᠭᠤᠷᠢ ᠮᠥᠨ︔ ᠪᠣᠯᠪᠠᠰᠤᠨ ᠥᠪᠥᠷ ᠮᠣᠩᠭᠤᠯ ᠢ | ᠪᠠᠶᠢᠭᠤᠯᠬᠤ ᠪᠣᠯ ᠦᠨᠳᠦᠰᠦᠲᠡᠨ ᠤ ᠭᠠᠵᠠᠷ ᠣᠷᠣᠨ ᠤ ᠨᠡᠶᠢᠭᠡᠮ ᠤᠨ ᠲᠦᠪᠰᠢᠷᠡᠯ ᠪᠦᠯᠬᠦᠮᠳᠡᠯ ᠢ ᠲᠦᠯᠬᠢᠨ | ᠠᠬᠢᠭᠤᠯᠬᠤ᠂ ᠠᠷᠠᠳ ᠣᠯᠠᠨ ᠳᠤ ᠪᠤᠶᠠᠨ ᠦᠢᠯᠡᠳᠬᠦ ᠦᠨᠳᠦᠰᠦᠨ ᠬᠠᠷᠠᠯᠲᠠ ᠮᠥᠨ᠃ | ᠤᠳᠤ ᠪᠣᠯᠲᠠᠯ᠎ᠠ᠂ ᠨᠡᠶᠢᠭᠡᠮ ᠲᠠᠰᠤᠷᠠᠯᠳᠠ ᠦᠭᠡᠢ ᠬᠥᠭᠵᠢᠵᠦ᠂ ᠨᠥᠬᠦᠴᠡᠯ ᠲᠠᠰᠤᠷᠠᠯᠳᠠ ᠦᠭᠡᠢ | ᠰᠠᠶᠢᠵᠢᠷᠠᠵᠤ ᠪᠠᠶᠢᠨ᠎ᠠ᠃ ᠤᠯᠠᠭᠠᠨᠮᠥ᠋ᠴᠢᠷ ᠤᠨ ᠲᠣᠭᠯᠠᠯᠲᠠ ᠶᠢᠨ ᠲᠡᠷᠭᠡ ᠨᠢ ᠴᠦ ᠬᠠᠮᠤᠭ ᠠᠩᠬᠠᠨ ᠤ ᠴᠢᠷᠦᠭᠦᠯ | ᠲᠡᠷᠭᠡ᠂ ᠮᠣᠷᠢ ᠤᠨᠤᠬᠤ᠂ ᠲᠡᠮᠡᠭᠡ ᠤᠨᠤᠵᠦ ᠪᠠᠶᠢᠭᠰᠠᠨ ᠠᠴᠠ ᠪᠠᠨ᠂ ᠣᠳᠣ ᠶᠢᠨ ᠲᠤᠰᠬᠠᠶ ᠲᠣᠭᠯᠠᠯᠲᠠ ᠶᠢᠨ | ᠲᠡᠷᠭᠡ ᠪᠤᠯᠤᠨ ᠭᠦᠭᠵᠢᠪᠡ︔ ᠴᠠᠭ ᠦᠶ᠎ᠡ ᠳᠠᠪᠰᠢᠵᠤ᠂ ᠣᠷᠴᠢᠨ ᠲᠣᠭᠤᠷᠢᠨ ᠬᠤᠪᠢᠷᠠᠵᠤ ᠪᠠᠶᠢᠨ᠎ᠠ᠂ ᠭᠠᠭᠴᠠ ᠬᠦ | ᠤᠯᠠᠭᠠᠨᠮᠥ᠋ᠴᠢᠷ ᠪᠣᠯᠤᠨ ᠦᠨᠳᠦᠰᠦᠨ ᠱᠠᠲᠤᠨ ᠤ ᠠᠷᠠᠳ ᠲᠦᠮᠡᠨ ᠤ ᠬᠤᠭᠤᠷᠣᠨᠳᠣᠬᠢ ᠨᠢᠭᠡ ᠬᠡᠷ ᠤᠨ ᠬᠥᠮᠦᠨ | ᠮᠡᠲᠦ ᠳᠣᠲᠣᠨᠣ ᠬᠠᠷᠢᠴᠠᠭ᠎ᠠ ᠬᠤᠪᠢᠷᠠᠭ᠎ᠠ ᠥᠬᠡᠶ᠂ ᠤᠯᠠᠭᠠᠨᠮᠥ᠋ᠴᠢᠷ ᠤᠨ ᠠᠷᠠᠳ ᠲᠦᠮᠡᠨ ᠳᠤ ᠦᠢᠯᠡᠴᠢᠯᠡᠬᠦ ᠶᠢ | ᠪᠠᠷᠢᠮᠲᠠᠯᠠᠵᠤ᠂ ᠠᠷᠠᠳ ᠲᠦᠮᠡᠨ ᠳᠤ ᠳᠠᠰᠤᠷᠠᠯᠲᠠ ᠥᠬᠡᠶ ᠪᠤᠶᠠᠨ ᠦᠢᠯᠡᠳᠬᠦ ᠲᠡᠷᠡ ᠬᠦ ᠴᠢᠩ ᠦᠨᠡᠨᠴᠢ ᠣᠭ | ᠰᠠᠨᠠᠭ᠎ᠠ ᠨᠢ ᠬᠤᠪᠢᠷᠠᠭ᠎ᠠ ᠥᠬᠡᠶ ᠃ | 4᠂ ᠠᠷᠠᠳ ᠲᠦᠮᠡᠨ ᠳᠤ ᠪᠠᠲᠤ ᠦᠨᠳᠦᠰᠦ ᠬᠠᠳᠬᠤᠬᠤ ᠪᠣᠯ ᠤᠯᠠᠭᠠᠨᠮᠥ᠋ᠴᠢᠷ ᠤᠨ ᠡᠭᠦᠷᠢᠳᠡ | ᠠᠮᠢᠵᠢᠷᠠᠯ ᠤᠨ ᠬᠦᠴᠦᠨ ᠢᠶᠠᠨ ᠬᠠᠳᠠᠭᠠᠯᠠᠬᠤ ᠶᠢᠨ ᠦᠨᠳᠦᠰᠦ ᠮᠥᠨ | ᠠᠷᠠᠳ ᠲᠦᠮᠡᠨ ᠳᠤ ᠪᠠᠲᠤ ᠦᠨᠳᠦᠰᠦᠯᠡᠬᠦ ᠪᠣᠯ ᠠᠷᠠᠳ ᠲᠦᠮᠡᠨ ᠢᠶᠠᠷ ᠭᠤᠣᠯ ᠪᠣᠯᠭᠠᠭᠰᠠᠨ | ᠬᠥᠭᠵᠢᠯᠲᠡ ᠶᠢᠨ ᠦᠵᠡᠯ ᠰᠠᠨᠠᠭᠠᠨ ᠤ ᠭᠦᠨᠵᠡᠭᠡᠢ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠮᠦᠨ᠃ | ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ | ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ᠄ ︽ᠮᠠᠨ ᠤ ᠨᠠᠮ ᠤᠷᠳᠤ ᠬᠤᠭᠤᠴᠠᠭ᠎ᠠ ᠪᠠᠷ ᠲᠦᠷᠦ | ᠪᠠᠷᠢᠬᠤ ᠶᠢ ᠪᠡᠶᠡᠯᠡᠬᠦᠯᠬᠦ ᠳᠤ᠂ ᠡᠷᠬᠡᠪᠰᠢ ᠠᠷᠠᠳ ᠤᠯᠠᠨ ᠯᠤᠭ᠎ᠠ ᠶᠢᠨ ᠴᠢᠰᠤ ᠮᠢᠬᠠᠨ ᠤ ᠪᠠᠷᠢᠯᠳᠤᠯᠭ᠎ᠠ ᠪᠠᠨ | ᠡᠭᠦᠷᠢᠳᠡ ᠪᠠᠷᠢᠮᠲᠠᠯᠠᠵᠤ᠂ ᠢᠮᠠᠭᠲᠠ ᠠᠷᠠᠳ ᠤᠯᠠᠨ ᠲᠠᠢ ᠬᠠᠮᠲᠤ ᠪᠤᠳᠤᠵᠤ᠂ ᠬᠠᠮᠲᠤ ᠠᠵᠢᠯᠯᠠᠵᠤ᠂ ᠬᠦᠴᠢᠷ | ᠪᠡᠷᠬᠡᠰᠢᠶᠡᠯ ᠢ ᠬᠠᠮᠲᠤ ᠪᠠᠷ ᠲᠤᠭᠤᠯᠵᠤ᠂ ᠵᠢᠷᠭᠠᠯ ᠵᠣᠪᠠᠯᠠᠩ ᠢᠶᠠᠨ ᠬᠠᠮᠲᠤᠳᠬᠠᠬᠤ ᠬᠡᠷᠡᠭᠲᠡᠢ᠃ ᠡᠨᠡ ᠪᠣᠯ ᠰᠢᠨ᠎ᠡ | ᠴᠠᠭ ᠦᠶ᠎ᠡ ᠶᠢᠨ ᠡᠪ ᠬᠠᠮᠲᠤᠴᠤᠳ ᠤᠨ ᠤᠯᠤᠰ ᠲᠥᠷᠥ ᠶᠢᠨ ᠬᠡᠪ ᠴᠢᠨᠠᠷ᠂ ᠥᠷᠲᠡᠭ ᠤᠨ ᠬᠦᠭᠡᠭᠡᠴᠡᠯᠳᠦᠯ ᠪᠠ | ᠣᠶᠤᠨ ᠰᠠᠨᠠᠭᠠᠨ ᠤ ᠬᠡᠪ ᠴᠢᠨᠠᠷ ᠪᠣᠯᠤᠨ᠎ᠠ᠂ ᠮᠥᠨ ᠴᠦ ᠦᠶ᠎ᠡ ᠦᠶ᠎ᠡ ᠶᠢᠨ ᠤᠯᠠᠭᠠᠨᠮᠥ᠋ᠴᠢᠷ ᠤᠨ ᠬᠥᠮᠦᠰ ᠤᠨ | ᠬᠡᠳᠦᠨ ᠠᠷᠪᠠᠨ ᠵᠢᠯ ᠢ ᠨᠢᠭᠡ ᠯᠡ ᠡᠳᠦᠷ ᠮᠡᠲᠦ ᠪᠡᠶ᠎ᠡ ᠪᠠᠷ ᠢᠶᠠᠨ ᠦᠢᠯᠡᠳᠦᠯᠭᠡᠵᠢᠭᠦᠯᠵᠦ ᠪᠠᠶᠢᠭ᠎ᠠ ᠦᠨᠡᠨ ᠶᠣᠰᠣ | ᠪᠣᠯᠤᠨ᠎ᠠ᠃ | 1957 ᠣᠨ ᠳᠤ᠂ ᠠᠩᠬᠠᠳᠠᠭᠴᠢ ᠤᠯᠠᠭᠠᠨᠮᠥ᠋ᠴᠢᠷ ᠪᠠᠶᠢᠭᠤᠯᠤᠭᠳᠠᠭᠰᠠᠨ ᠠᠴᠠ ᠡᠬᠢᠯᠡᠨ᠂ | ᠤᠯᠠᠭᠠᠨᠮᠥ᠋ᠴᠢᠷ ᠤᠨ ᠭᠡᠰᠢᠭᠦᠳ ᠢᠮᠠᠭᠲᠠ ᠠᠷᠠᠳ ᠤᠯᠠᠨ ᠲᠠᠢ ᠬᠠᠮᠲᠤ ᠬᠤᠨᠢᠨ ᠨᠣᠤᠰᠣ ᠬᠠᠶᠢᠴᠢᠯᠠᠬᠤ᠂ ᠬᠤᠨᠢᠨ | ᠬᠦᠷᠢᠶ᠎ᠡ ᠵᠠᠰᠠᠬᠤ᠂ ᠡᠪᠡᠰᠦ ᠬᠠᠳᠤᠬᠤ ᠵᠡᠷᠭᠡ ᠦᠢᠯᠡᠳᠪᠦᠷᠢᠯᠡᠯ ᠠᠮᠢᠳᠤᠷᠠᠯ ᠬᠥᠳᠡᠯᠮᠦᠷᠢ ᠳᠤ ᠣᠷᠣᠯᠴᠠᠵᠤ᠂ | ᠬᠦᠳᠡᠯᠮᠦᠷᠢᠯᠡᠬᠦ ᠵᠠᠪ ᠴᠢᠯᠥᠭᠡ ᠪᠠᠷ ᠢᠶᠠᠨ ᠠᠷᠠᠳ ᠣᠯᠠᠨ ᠳᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠤᠷᠠᠨ | ᠰᠠᠶᠢᠬᠠᠨ ᠤ ᠲᠣᠭᠯᠠᠯᠲᠠ ᠭᠠᠷᠭᠠᠬᠤ᠂ ᠦᠨᠳᠦᠰᠦᠨ ᠱᠠᠲᠤᠨ ᠤ ᠤᠳᠬ᠎ᠠ ᠤᠷᠠᠯᠢᠭ ᠤᠨ ᠭᠤᠤᠯᠯᠠᠭᠴᠢ ᠬᠦᠴᠦᠨ ᠢ | ᠬᠠᠪᠰᠤᠷᠤᠨ ᠵᠢᠯᠤᠭᠤᠳᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠵᠡᠰᠬᠦᠯᠡᠩ ᠵᠡᠷᠭᠡ ᠦᠢᠯᠡᠴᠢᠯᠡᠭᠡᠨ ᠤ | ᠠᠵᠢᠯ ᠡᠷᠭᠢᠯᠡᠬᠦ ᠶᠢ ᠪᠠᠷᠢᠮᠳᠠᠯᠠᠭᠰᠠᠭᠠᠷ ᠢᠷᠡᠵᠡᠶ᠃ ᠡᠭᠦᠨ ᠠᠴᠠ ᠭᠠᠳᠠᠨ᠎ᠠ᠂ ᠤᠯᠠᠭᠠᠨᠮᠥ᠋ᠴᠢᠷ ᠤᠨ ᠭᠡᠰᠢᠭᠦᠳ ᠪᠠᠰᠠ | ᠬᠢᠵᠢᠭ ᠰᠡᠷᠭᠡᠶᠢᠯᠡᠬᠦ ᠡᠮᠦᠨ᠎ᠡ ᠹᠷᠣᠨᠲ᠂ ᠦᠶᠡᠷ ᠲᠠᠢ ᠲᠡᠮᠡᠴᠡᠵᠦ ᠭᠠᠮᠰᠢᠭ ᠠᠴᠠ ᠠᠪᠤᠷᠠᠬᠤ ᠬᠠᠰᠢᠯᠭ᠎ᠠ ᠳᠡᠭᠡᠷ᠎ᠡ | ᠢᠯᠡᠷᠡᠵᠡᠶ᠃ ᠶᠠᠮᠠᠷᠪᠠ ᠠᠶᠤᠯ ᠲᠦᠭᠰᠢᠭᠦᠷᠢᠲᠡᠶ ᠵᠠᠩᠭᠢᠯᠠᠭ᠎ᠠ ᠶᠢᠨ ᠦᠶ᠎ᠡ ᠳᠤ᠂ ᠠᠷᠠᠳ ᠣᠯᠠᠨ ᠤ ᠬᠡᠷᠡᠭᠴᠡᠭᠡ ᠪᠥᠬᠦᠶ | ᠭᠠᠵᠠᠷ ᠪᠣᠯᠭᠠᠨ ᠳᠤ ᠤᠯᠠᠭᠠᠨᠮᠥ᠋ᠴᠢᠷ ᠤᠨ ᠭᠡᠰᠢᠭᠦᠳ ᠤᠨ ᠪᠠᠷ᠎ᠠ ᠬᠠᠷᠠᠭᠳᠠᠬᠤ ᠶᠤᠮ᠃ ᠤᠯᠠᠭᠠᠨᠮᠥ᠋ᠴᠢᠷ ᠤᠨ | ᠭᠡᠰᠢᠭᠦᠳ ᠤᠨ ᠦᠢᠯᠡ ᠠᠵᠢᠯᠯᠠᠭ᠎ᠠ ᠨᠢ ᠲᠡᠭᠦᠨ ᠤ ᠦᠨᠡᠨ ᠰᠡᠳᠬᠢᠯ ᠠᠴᠠ ᠪᠠᠨ ᠠᠷᠠᠳ ᠣᠯᠠᠨ ᠢ ᠬᠠᠶᠢᠷᠠᠯᠠᠬᠤ᠂ | ᠦᠨᠳᠦᠰᠦᠨ ᠱᠠᠲᠤ ᠪᠠᠨ ᠬᠠᠶᠢᠷᠠᠯᠠᠬᠤ ᠰᠢᠯᠢᠳᠡᠭ ᠤᠯᠠᠮᠵᠢᠯᠠᠯ ᠢ ᠢᠯᠡᠷᠡᠭᠦᠯᠵᠦ᠂ ᠪᠠᠰᠠ ᠤᠯᠠᠭᠠᠨᠮᠥ᠋ᠴᠢᠷ ᠤᠨ | ᠭᠡᠰᠢᠭᠦᠳ ᠤᠨ ᠠᠷᠠᠳ ᠲᠦᠮᠡᠨ ᠤ ᠳᠤᠮᠳᠠ ᠦᠨᠳᠦᠰᠦᠯᠡᠵᠦ᠂ ᠥᠪᠡᠷ ᠢ ᠪᠠᠨ ᠠᠷᠠᠳ ᠣᠯᠠᠨ ᠤ ᠨᠢᠭᠡ ᠬᠤᠪᠢ ᠪᠠᠷ | ᠦᠵᠡᠬᠦ ᠡᠷᠬᠢᠮ ᠨᠠᠨᠳᠢᠨ ᠵᠠᠩ ᠴᠢᠨᠠᠷ ᠢ ᠢᠯᠡᠷᠡᠭᠦᠯᠵᠡᠶ᠃ ᠡᠶᠢᠮᠦ ᠡᠷᠬᠢᠮ ᠨᠠᠨᠳᠢᠨ ᠵᠣᠷᠢᠭ ᠰᠠᠨᠠᠭ᠎ᠠ ᠵᠠᠩ ᠴᠢᠨᠠᠷ ᠨᠢ | 60 ᠭᠠᠷᠤᠶ ᠵᠢᠯ ᠤᠨ ᠰᠠᠯᠬᠢ ᠪᠣᠷᠣᠭᠠᠨ ᠤ ᠤᠬᠢᠶᠠᠯ ᠢ ᠥᠩᠭᠡᠷᠡᠭᠦᠯᠦᠭᠰᠡᠨ ᠴᠦ ᠥᠴᠦᠬᠡᠨ ᠬᠤᠪᠢᠷᠠᠭ᠎ᠠ ᠥᠬᠡᠶ᠂ | ᠦᠶ᠎ᠡ ᠦᠶ᠎ᠡ ᠶᠢᠨ ᠤᠯᠠᠭᠠᠨᠮᠥ᠋ᠴᠢᠷ ᠤᠨ ᠬᠥᠮᠦᠰ ᠢ ᠢᠮᠠᠭᠲᠠ ᠬᠦᠴᠢᠷ ᠪᠡᠷᠬᠡᠰᠢᠶᠡᠯ ᠠᠴᠠ ᠠᠶᠤᠬᠤ ᠥᠬᠡᠶ | ᠪᠠᠶᠢᠬᠤ ᠶᠢᠨ ᠬᠠᠮᠲᠤ ᠰᠢᠪᠠᠳᠠᠵᠤ ᠪᠠᠶᠢᠨ᠎ᠠ᠃ ᠦᠨᠳᠦᠰᠦᠨ ᠱᠠᠲᠤᠨ ᠳᠤ ᠦᠨᠳᠦᠰᠦᠯᠡᠵᠦ᠂ ᠪᠦᠬᠦ ᠰᠡᠳᠬᠢᠯ ᠪᠦᠬᠦ | ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠨ᠎ᠡ᠃ ᠤᠯᠠᠭᠠᠨᠮᠥ᠋ᠴᠢᠷ ᠤᠨ ᠬᠠᠯᠠᠭᠤᠨ ᠳᠣᠲᠣᠨᠣ ᠦᠢᠯᠡᠴᠢᠯᠡᠭᠡ | ᠪᠠ ᠰᠡᠳᠬᠢᠯ ᠬᠥᠳᠡᠯᠭᠡᠮ᠎ᠡ ᠦᠢᠯᠡ ᠠᠵᠢᠯᠯᠠᠭ᠎ᠠ ᠶᠢ ᠠᠷᠠᠳ ᠣᠯᠠᠨ ᠨᠢᠳᠦᠨ ᠳᠡᠭᠡᠨ ᠦᠵᠡᠵᠦ᠂ ᠰᠡᠳᠬᠢᠯ ᠳᠡᠭᠡᠨ | ᠴᠡᠭᠡᠵᠢᠯᠡᠵᠦ᠂ ᠲᠠᠷᠢᠬᠢᠨ ᠳᠤ ᠬᠠᠳᠠᠩᠰᠢᠭᠤᠯᠵᠤ᠂ ᠪᠠᠰᠠ ᠮᠠᠯᠴᠢᠨ ᠲᠠᠷᠢᠶᠠᠴᠢᠨ ᠤ ᠦᠨᠡᠨ ᠰᠡᠳᠬᠢᠯ ᠤᠨ ᠬᠠᠶᠢᠷ᠎ᠠ | ᠬᠦᠨᠳᠦᠳᠬᠡᠯ ᠪᠠ ᠮᠠᠭᠲᠠᠭᠠᠯ ᠢ ᠣᠯᠤᠭᠰᠠᠨ ᠪᠠᠶᠢᠨ᠎ᠠ᠂ ︽ᠮᠠᠨ ᠤ ᠤᠯᠠᠭᠠᠨᠮᠥ᠋ᠴᠢᠷ ᠰᠠᠶᠢᠨ︾ ᠭᠡᠵᠦ | ᠤᠯᠠᠭᠠᠨᠮᠥ᠋ᠴᠢᠷ ᠤᠨ ᠭᠡᠰᠢᠭᠦᠳ ᠢ ︽ᠮᠠᠨ ᠤ ᠬᠡᠤᠬᠡᠳ︾ ᠭᠡᠳᠡᠭ᠃ ᠡᠨᠡᠬᠦ ᠴᠢᠰᠤᠨ ᠤᠳᠤᠮ ᠠᠴᠠ ᠬᠡᠳᠦᠷᠡᠨ | ᠠᠩᠭᠢᠵᠢᠷᠠᠵᠤ᠂ ᠦᠨᠳᠦᠰᠦᠲᠡᠨ ᠠᠴᠠ ᠬᠡᠲᠦᠷᠡᠨ ᠠᠩᠭᠢᠵᠢᠷᠠᠵᠤ᠂ ᠴᠢᠰᠤ ᠮᠢᠬᠠᠨ ᠤ ᠪᠠᠷᠢᠯᠳᠤᠯᠭ᠎ᠠ ᠲᠠᠢ ᠭᠦᠨ | ᠵᠤᠵᠠᠭᠠᠨ ᠬᠠᠶᠢᠷ᠎ᠠ ᠰᠡᠳᠬᠢᠯᠭᠡ ᠦᠶ᠎ᠡ ᠦᠶ᠎ᠡ ᠶᠢᠨ ᠤᠯᠠᠭᠠᠨᠮᠥ᠋ᠴᠢᠷ ᠤᠨ ᠭᠡᠰᠢᠭᠦᠳ ᠴᠠᠰᠤ ᠰᠢᠭᠤᠷᠭ᠎ᠠ ᠶᠢ ᠤᠭᠲᠤᠨ | ᠂ ᠲᠠᠯ᠎ᠠ ᠨᠤᠲᠤᠭ ᠳᠡᠭᠡᠷ᠎ᠡ ᠤᠷᠲᠤ ᠬᠤᠭᠤᠴᠠᠭ᠎ᠠ ᠠᠶᠠᠯᠠᠵᠤ᠂ ᠲᠩᠷᠢ ᠪᠠᠷ ᠬᠥᠰᠢᠭᠡ ᠪᠣᠯᠭᠠᠵᠤ᠂ ᠭᠠᠵᠠᠷ ᠰᠢᠷᠣᠶ ᠪᠠᠷ | ᠲᠠᠪᠴᠠᠩ ᠪᠣᠯᠭᠠᠵᠤ᠂ ᠨᠠᠮ ᠤᠨ ᠲᠠᠭᠤᠨ ᠪᠠ ᠬᠠᠯᠠᠮᠵᠢᠯᠠᠯ ᠤᠨ ᠬᠥᠳᠡᠯᠭᠡᠬᠦ ᠬᠦᠴᠦᠨ ᠢ ᠳᠠᠮᠵᠢᠭᠤᠯᠪᠠ︔ ᠮᠥᠨ ᠴᠦ | ᠤᠯᠠᠭᠠᠨᠮᠥ᠋ᠴᠢᠷ ᠤᠨ ᠥᠨᠢ ᠡᠭᠦᠷᠢᠳᠡ ᠠᠮᠢᠵᠢᠷᠠᠯ ᠤᠨ ᠬᠦᠴᠦᠨ ᠢᠶᠠᠨ ᠪᠠᠲᠤᠯᠠᠵᠤ᠂ ᠥᠨᠢ ᠡᠭᠦᠷᠢᠳᠡ ᠲᠠᠯ᠎ᠠ | ᠨᠤᠲᠤᠭ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠪᠣᠯᠬᠤ ᠶᠢᠨ ᠰᠠᠭᠤᠷᠢ | ᠪᠣᠯᠤᠨ᠎ᠠ᠃ | | ᠣᠳᠣᠬᠠᠨ ᠳᠤ᠂ ᠤᠯᠠᠭᠠᠨᠮᠥ᠋ᠴᠢᠷ ᠨᠢᠭᠡᠨᠲᠡ ᠥᠪᠥᠷ ᠮᠣᠩᠭᠤᠯ ᠤᠨ ᠥᠪᠡᠷᠮᠢᠴᠡ ᠬᠤᠪᠣᠷ ᠨᠠᠨᠳᠢᠨ | ᠪᠣᠳᠠᠰ ᠤᠨ ᠪᠤᠰᠤ ᠬᠤᠪᠢᠰᠬᠠᠯ ᠤᠨ ᠥᠪ ᠪᠣᠯᠪᠠ | ᠤᠯᠠᠭᠠᠨᠮᠥ᠋ᠴᠢᠷ ᠬᠥᠭᠵᠢᠨ ᠪᠤᠵᠠᠭᠠᠶᠢᠷᠬᠠᠰᠠᠨ 60 ᠵᠢᠯ ᠠᠷᠠᠳ ᠣᠯᠠᠨ ᠲᠠᠢ ᠮᠢᠬ᠎ᠠ ᠴᠢᠰᠤᠨ ᠤ | ᠬᠠᠷᠢᠴᠠᠭ᠎ᠠ ᠲᠠᠢ ᠪᠠᠶᠢᠭᠰᠠᠨ 60 ᠵᠢᠯ᠂ ᠠᠷᠠᠳ ᠲᠦᠮᠡᠨ ᠤ ᠳᠤᠮᠳᠠ ᠪᠠᠲᠤ ᠦᠨᠳᠦᠰᠦᠯᠡᠵᠦ᠂ ︽ᠠᠷᠠᠳ | ᠲᠦᠮᠡᠨ ᠤ ᠳᠤᠮᠳᠠ ᠠᠴᠠ ᠢᠷᠡᠵᠦ᠂ ᠠᠷᠠᠳ ᠲᠦᠮᠡᠨ ᠤ ᠳᠤᠮᠳᠠ ᠣᠴᠢᠬᠤ ᠶᠢ ᠪᠠᠷᠢᠮᠲᠠᠯᠠᠬᠤ︾ ᠶᠢ | ᠦᠢᠯᠡᠳᠦᠯᠭᠡᠵᠢᠭᠦᠯᠦᠭᠰᠡᠨ 60 ᠵᠢᠯ ᠪᠣᠯᠤᠨ᠎ᠠ᠃ ᠮᠥᠨ ᠴᠦ ᠤᠯᠠᠭᠠᠨᠮᠥ᠋ᠴᠢᠷ ᠰᠢᠷᠭᠠᠭᠤ ᠬᠠᠲᠠᠭᠤᠵᠢᠯᠲᠠᠶ | ᠳᠠᠪᠲᠠᠯᠲᠠ ᠶᠢᠨ ᠳᠤᠮᠳᠠ ᠡᠷᠡᠰ ᠬᠠᠲᠠᠭᠤ ᠵᠣᠷᠢᠭ ᠪᠠ ᠡᠷᠬᠢᠮ ᠳᠡᠭᠡᠳᠦ ᠵᠠᠩ ᠴᠢᠨᠠᠷ ᠢ ᠴᠣᠭᠴᠠᠯᠠᠭᠰᠠᠨ 60 ᠵᠢᠯ | ᠪᠣᠯᠤᠨ᠎ᠠ᠃ | |