ᠯᠢᠶᠠᠩ ᠵᠢᠶᠠ ᠭᠸᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠭᠰᠠᠨ ᠬᠡᠪᠴᠢᠶ᠎ᠡ ᠶᠢ ᠥᠷᠭᠡᠳᠬᠡᠨ ᠲᠠᠲᠠᠪᠤᠷᠢᠯᠠᠨ ᠲᠤᠰᠢᠶᠠᠬᠤ ᠠᠵᠢᠯ ᠤᠨ ᠠᠬᠢᠴᠠ ᠶᠢᠨ ᠪᠠᠶᠢᠳᠠᠯ ᠢ ᠤᠬᠠᠭᠤᠯᠪᠠ
ᠨᠡᠶᠢᠲᠡᠯᠡᠭᠰᠡᠨ ᠴᠠᠭ᠄
2020/12/2
     ᠦᠬᠠᠶ ᠬᠤᠲᠠ ᠶᠢᠨ ᠤᠳᠠ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠡ ︽ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠭᠰᠠᠨ ᠬᠡᠪᠴᠢᠶ᠎ᠡ ᠶᠢ ᠥᠷᠭᠡᠳᠬᠡᠨ ᠳᠠᠲᠠᠪᠦᠷᠢᠯᠠᠨ ᠲᠤᠰᠢᠶᠠᠬᠤ ᠠᠵᠢᠯ ᠢ ᠥᠷᠨᠢᠭᠦᠯᠬᠦ ᠲᠤᠬᠠᠶ ᠵᠠᠬᠢᠳᠠᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠯᠢᠶᠠᠩ ᠵᠢᠶᠠ ᠭᠸᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠡᠷᠴᠢᠮ ᠢᠶᠠᠨ ᠴᠢᠩᠭᠠᠷᠠᠭᠤᠯᠵᠤ᠂ ᠤᠯᠠᠨ ᠵᠦᠢᠯ ᠤᠨ ᠠᠷᠭ᠎ᠠ ᠬᠡᠯᠪᠡᠷᠢ ᠪᠠᠷ ᠨᠡᠶᠢᠭᠡᠮ ᠲᠣᠭᠤᠷᠢᠭ ᠲᠤ ᠭᠦᠨᠵᠡᠭᠡᠶᠢᠷᠡᠨ᠂ ᠲᠠᠲᠠᠪᠤᠷᠢᠯᠠᠨ ᠲᠤᠰᠢᠶᠠᠬᠤ ᠤᠬᠠᠭᠤᠯᠭ᠎ᠠ ᠶᠢᠨ ᠠᠵᠢᠯ ᠢ ᠴᠢᠩᠭᠠᠳᠬᠠᠵᠦ᠂ ᠣᠯᠠᠨ ᠲᠦᠮᠡᠨ ᠤ ᠨᠡᠶᠢᠭᠡᠮ ᠤᠨ ᠳᠠᠭᠠᠳᠬᠠᠯ ᠤᠨ ᠲᠤᠬᠠᠶ ᠲᠠᠨᠢᠯᠲᠠ ᠶᠢᠨ ᠬᠡᠮᠵᠢᠶ᠎ᠡ ᠶᠢ ᠨᠡᠮᠡᠭᠳᠡᠭᠦᠯᠵᠡᠶ᠃ ᠣᠯᠠᠨ ᠲᠦᠮᠡᠨ ᠤ ᠣᠶᠢᠯᠠᠭᠠᠬᠤ ᠨᠣᠷᠮ᠎ᠠ ᠪᠣᠯᠤᠨ ᠪᠦᠷᠬᠦᠴᠡ ᠶᠢᠨ ᠨᠣᠷᠮ᠎ᠠ ᠶᠢᠨ ᠦᠷᠭᠦᠯᠵᠢᠯᠡᠨ ᠳᠡᠭᠡᠭᠰᠢᠯᠡᠭᠦᠯᠵᠦ᠂ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠦᠵᠡᠯ ᠤᠬᠠᠮᠰᠠᠷ ᠢ ᠥᠷᠭᠡᠳᠬᠡᠨ᠎ᠡ᠃      ᠤᠷᠢᠶ᠎ᠠ ᠯᠣᠽᠦ᠋ᠩ ᠨᠠᠭᠠᠵᠤ᠂ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠠᠮᠠᠨ ᠬᠠᠷᠢᠭᠤᠯᠲᠠ᠂ ᠣᠯᠠᠨ ᠨᠡᠶᠢᠲᠡ ᠶᠢᠨ ᠳ᠋ᠤᠭᠠᠷ ᠬᠦᠷᠭᠡᠬᠦ᠂ ᠡᠯᠧᠺᠲᠷᠣᠨ ᠳᠡᠯᠭᠡᠴᠡ ᠳᠡᠭᠡᠷ᠎ᠡ ᠠᠵᠢᠯ ᠤᠨ ᠡᠳᠦᠷ ᠲᠤ ᠪᠦᠬᠦᠯᠢ ᠡᠳᠦᠷ ᠢᠶᠠᠷ ᠦᠷᠭᠦᠯᠵᠢᠯᠡᠨ ᠤᠬᠠᠭᠤᠯᠬᠤ ᠤᠷᠢᠶ᠎ᠠ ᠯᠣᠽᠦ᠋ᠩ 20 ᠵᠤᠷᠪᠤᠰ᠂  ᠲᠤᠤᠷᠯᠠᠭᠴᠢ ᠡᠷᠦᠬᠡ ᠳᠤ ᠣᠷᠤᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠬᠠᠮᠢᠶ᠎ᠠ ᠪᠦᠬᠦᠢ ᠳᠦᠷᠢᠮ ᠵᠢᠴᠢ ᠲᠦᠷᠦ ᠶᠢᠨ ᠪᠣᠳᠣᠯᠭ᠎ᠠ ᠶᠢ ᠲᠠᠶᠢᠯᠪᠦᠷᠢᠯᠠᠪᠠ᠃ ᠣᠳᠣ ᠪᠣᠯᠲᠠᠯ᠎ᠠ ᠭᠤᠷᠪᠠ ᠤᠳᠠᠭ᠎ᠠ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠥᠷᠨᠢᠭᠦᠯᠵᠦ᠂ ᠨᠡᠶᠢᠭᠡᠮ ᠲᠣᠭᠤᠷᠢᠭ ᠤᠨ ᠭᠤᠤᠯ ᠪᠣᠯᠬᠤ ᠢᠯᠡ ᠲᠣᠳᠣ ᠭᠠᠵᠠᠷ ᠲᠤ ᠤᠷᠢᠶ᠎ᠠ ᠯᠣᠽᠦ᠋ᠩ ᠨᠠᠭᠠᠬᠤ ᠪᠠ ᠡᠯᠭᠦᠬᠦ ᠬᠥᠨᠳᠡᠯᠡᠨ ᠪᠢᠴᠢᠭᠡᠰᠦ 30 ᠵᠤᠷᠪᠤᠰ ᠡᠯᠭᠦᠵᠦ᠂ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ 500 ᠭᠠᠷᠤᠶ ᠬᠤᠪᠢ ᠲᠠᠷᠬᠠᠭᠠᠪᠠ᠃
   
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号