ᠤᠷᠢᠳᠴᠢᠯᠠᠨ ᠲᠦᠯᠦᠪᠯᠡᠵᠦ ᠲᠤᠬᠢᠷᠠᠭᠤᠯᠤᠨ ᠤᠬᠠᠭᠤᠯᠵᠦ ᠬᠦᠳᠦᠯᠥᠨ ᠵᠢᠯᠤᠭᠤᠳᠬᠤ ᠶᠢ ᠴᠢᠩᠭᠠᠳᠬᠠᠨ᠎ᠠ — ᠰᠤᠬᠠᠶᠢᠲᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ
ᠨᠡᠶᠢᠲᠡᠯᠡᠭᠰᠡᠨ ᠴᠠᠭ᠄
2020/12/2
     ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠡᠮᠬᠢ ᠵᠢᠷᠦᠮ ᠲᠠᠢ᠂ ᠤᠷᠤᠭᠰᠢᠲᠠᠶ᠂ ᠲᠣᠭᠲᠠᠭᠤᠨ ᠢᠶᠠᠷ ᠥᠷᠨᠢᠬᠦ ᠶᠢ ᠪᠠᠲᠤᠯᠠᠬᠤ ᠶᠢᠨ ᠲᠥᠯᠥᠭᠡ᠂ 11 ᠰᠠᠷ᠎ᠠ ᠶᠢᠨ 30 ᠤ ᠦᠳᠡ ᠶᠢᠨ ᠬᠤᠶᠢᠨ᠎ᠠ᠂ ᠰᠤᠬᠠᠶᠢᠲᠤ ᠵᠡᠭᠡᠯᠢ ᠭᠤᠳᠤᠮᠵᠢ ᠠᠵᠢᠯ ᠤᠨ ᠲᠣᠭᠲᠠᠮᠠᠯ ᠬᠤᠷᠠᠯ ᠬᠤᠷᠠᠯᠳᠤᠭᠤᠯᠵᠤ᠂ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠳᠡᠭᠡᠷ᠎ᠡ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠠᠨ ᠬᠠᠢ ᠬᠤᠸᠠ ᠨᠥᠬᠦᠷ ᠥᠪᠡᠷᠲᠡᠭᠡᠨ ᠵᠠᠰᠠᠬᠤ ᠣᠷᠣᠨ ᠤ ︽ᠬᠤᠶᠠᠷ ᠵᠥᠪᠯᠡᠯ︾ ᠤᠨ ᠬᠤᠭᠤᠴᠠᠭ᠎ᠠ  ᠰᠤᠯᠢᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠡᠯ᠎ᠡ ᠨᠡᠶᠢᠭᠡᠮ ᠲᠣᠭᠤᠷᠢᠭ ᠰᠠᠨᠠᠭᠠᠴᠢᠯᠠᠭ᠎ᠠ ᠠᠴᠠ ᠪᠠᠨ ᠲᠥᠰᠦᠪᠯᠡᠨ᠂ ᠤᠷᠢᠳᠴᠢᠯᠠᠨ ᠪᠡᠯᠡᠳᠬᠡᠯ ᠬᠢᠬᠦ ᠬᠡᠷᠡᠭᠲᠡᠶ ᠭᠡᠵᠦ ᠱᠠᠭᠠᠷᠳᠠᠪᠠ᠃ ᠬᠤᠭᠤᠴᠠᠭ᠎ᠠ ᠰᠣᠯᠢᠬᠤ ᠲᠥᠷᠥ ᠶᠢᠨ ᠪᠣᠳᠣᠯᠭ᠎ᠠ ᠪᠠ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢᠨ ᠤᠬᠠᠭᠤᠯᠭ᠎ᠠ ᠪᠠᠨ ᠴᠢᠩᠭᠠᠳᠬᠠᠵᠤ᠂ ᠣᠷᠣᠯᠴᠠᠬᠤ ᠤᠬᠠᠮᠰᠠᠷ ᠪᠠ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠰᠠᠨᠠᠭᠠᠴᠢᠯᠠᠭᠠᠲᠤ ᠳᠠᠶᠢᠯᠠᠯᠳᠤᠭᠠᠨ ᠢ ᠪᠦᠬᠦ ᠬᠦᠴᠦᠨ ᠢᠶᠠᠷ ᠰᠠᠶᠢᠲᠤᠷ ᠬᠢᠨ᠎ᠡ
     ᠬᠤᠷᠠᠯ ᠠᠴᠠ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠪᠤᠯ ᠦᠨᠳᠦᠰᠦᠨ ᠱᠠᠲᠤᠨ ᠤ ᠺᠠᠳ᠋ᠷ ᠤᠨ ᠡᠩᠨᠡᠭᠡ ᠶᠢ ᠰᠢᠯᠢᠳᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠨᠢᠭᠡ ᠳᠤ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠬᠤ ᠬᠡᠷᠡᠭᠲᠡᠢ᠃ ᠰᠣᠩᠭᠤᠭᠤᠯᠢ ᠶᠢᠨ ᠳᠡᠰ ᠳᠠᠷᠠᠭᠠᠯᠠᠯ ᠪᠠ ᠴᠢᠬᠤᠯᠠ ᠴᠠᠭ ᠬᠤᠭᠤᠴᠠᠭᠠᠨ ᠤ ᠵᠠᠩᠭᠢᠶᠠᠰᠤ ᠶᠢ ᠡᠵᠡᠮᠰᠢᠵᠦ᠂ ᠠᠷᠠᠳ ᠣᠯᠠᠨ ᠪᠤᠶᠠᠨ ᠵᠢᠷᠭᠠᠯ ᠡᠳ᠋ᠯᠡᠬᠦ ᠪᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠰᠠᠶᠢᠨ ᠪᠠᠭ ᠰᠣᠯᠢᠵᠤ᠂ ᠰᠠᠶᠢᠨ ᠺᠠᠳ᠋ᠷ ᠢ ᠰᠣᠩᠭᠤᠨ ᠭᠠᠷᠭᠠᠵᠤ᠂ ᠰᠢᠨ᠎ᠡ ᠠᠮᠢᠳᠤᠷᠠᠯ ᠢ ᠰᠠᠨᠠᠭᠠᠴᠢᠯᠠᠨ᠎ᠠ᠃ ᠬᠤᠶᠠᠷ ᠲᠤ ᠬᠥᠮᠦᠨ ᠰᠣᠩᠭᠤᠵᠤ ᠬᠥᠮᠦᠨ ᠬᠡᠷᠡᠭᠯᠡᠬᠦ ᠪᠠᠷᠢᠮᠵᠢᠶ᠎ᠠ᠂ ᠠᠵᠢᠯ ᠤᠨ ᠠᠷᠭ᠎ᠠ ᠬᠡᠮᠵᠢᠶ᠎ᠡ ᠡᠷᠡᠰ ᠴᠢᠩᠭ᠎ᠠ ᠬᠦᠴᠦᠨ ᠲᠡᠭᠦᠯᠳᠡᠷ ᠪᠠᠶᠢᠬᠤ ᠬᠡᠷᠡᠭᠲᠡᠶ᠃ ᠬᠢᠷᠢ ᠬᠡᠮ ᠢ ᠬᠢᠨᠠᠨ ᠪᠠᠶᠢᠴᠠᠭᠠᠬᠤ ᠪᠣᠭᠤᠮᠲᠠ ᠶᠢ ᠴᠢᠩᠭ᠎ᠠ ᠠᠳᠬᠤᠵᠤ᠂ ︽ᠠᠵᠢᠯᠲᠠᠨ ᠤ ᠰᠠᠭᠤᠷᠢ ᠲᠤᠭ᠎ᠠ ᠲᠣᠳᠣᠷᠬᠠᠶ᠂ ᠦᠯᠡᠳᠡᠵᠦ ᠲᠤᠰᠢᠶᠠᠯ ᠡᠭᠦᠷᠭᠡᠯᠡᠭᠰᠡᠨ ᠪᠠᠶᠢᠳᠠᠯ ᠲᠣᠳᠣᠷᠬᠠᠶ᠂ ᠬᠤᠭᠤᠴᠠᠭ᠎ᠠ ᠰᠣᠯᠢᠬᠤ ᠵᠢᠱᠢᠭᠳᠡᠭᠴᠢ ᠣᠨᠣᠪᠴᠢᠲᠠᠶ᠂ ᠤᠬᠤᠷᠢᠨ ᠭᠠᠷᠤᠭᠰᠠᠨ ᠬᠥᠮᠦᠨ ᠲᠣᠭᠲᠠᠭᠤᠨ ᠪᠠᠶᠢᠬᠤ︾ ᠶᠢ ᠪᠡᠶᠡᠯᠡᠭᠦᠯᠵᠦ᠂ ᠪᠦᠲᠦᠴᠡ ᠨᠠᠩ ᠰᠢᠯᠢᠳᠡᠭ᠂ ᠴᠢᠳᠠᠪᠤᠷᠢ ᠨᠠᠩ ᠴᠢᠩᠭ᠎ᠠ᠂ ᠬᠡᠪ ᠴᠢᠨᠠᠷ ᠨᠠᠩ ᠥᠨᠳᠥᠷ ᠣᠯᠠᠨ ᠲᠦᠮᠡᠨ ᠤ ︽ᠲᠦᠰᠢᠭ ᠲᠤᠯᠭᠠᠭᠤᠷᠢ︾ ᠶᠢ ᠰᠣᠯᠢᠵᠤ ᠭᠠᠷᠭᠠᠬᠤ ᠶᠢ ᠦᠨᠡᠨ ᠬᠦ ᠪᠠᠲᠤᠯᠠᠨ᠎ᠠ᠃ ᠭᠤᠷᠪᠠ ᠳᠤ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠲᠡᠰ ᠳᠠᠷᠠᠭᠠᠯᠠᠯ᠂ ᠠᠵᠢᠯ ᠤᠨ ᠬᠠᠷᠠᠯᠲᠠ ᠡᠷᠡᠰ ᠭᠤᠶᠢᠪᠢᠰᠢ ᠦᠭᠡᠢ ᠪᠠᠶᠢᠬᠤ ᠬᠡᠷᠡᠭᠲᠡᠢ᠃ ︽ᠤᠳᠤᠷᠢᠳᠬᠤ ᠪᠠᠭ ᠢᠶᠠᠨ ᠰᠠᠶᠢᠲᠤᠷ ᠰᠣᠩᠭᠤᠵᠤ᠂ ᠱᠦᠵᠢ ᠪᠠᠨ ᠴᠢᠩᠭ᠎ᠠ ᠲᠣᠬᠢᠷᠠᠭᠤᠯᠬᠤ︾ ᠠᠵᠢᠯ ᠤᠨ ᠬᠠᠷᠠᠯᠲᠠ ᠲᠠᠢ ᠤᠶᠠᠯᠳᠤᠭᠤᠯᠤᠨ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠠᠵᠢᠯ ᠤᠨ ᠬᠤᠪᠢᠶᠠᠷᠢᠯᠠᠯ ᠢᠶᠠᠨ ᠨᠠᠷᠢᠯᠢᠭᠵᠢᠭᠤᠯᠤᠨ᠂  ᠬᠠᠷᠢᠭᠤᠴᠠᠯᠭ᠎ᠠ ᠪᠠᠨ ᠪᠠᠲᠤᠳᠬᠠᠵᠤ᠂ ᠯᠠᠪᠳᠠᠭᠤᠨ ᠢᠶᠠᠷ ᠲᠦᠯᠬᠢᠨ ᠠᠬᠢᠭᠤᠯᠬᠤ᠂ ᠬᠥᠮᠦᠨ ᠰᠣᠩᠭᠤᠬᠤ ᠶᠠᠰᠤ ᠴᠢᠨᠠᠷ ᠢ ᠪᠠᠲᠤᠯᠠᠬᠤ ᠱᠠᠭᠠᠷᠳᠠᠯᠭ᠎ᠠ ᠶᠢ ᠪᠠᠷᠢᠮᠳᠠᠯᠠᠵᠦ᠂ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠭᠤᠤᠯᠳᠠᠯᠭ᠎ᠠ ᠶᠢ ᠳᠣᠪᠤᠶᠢᠯᠭᠠᠨ᠂ ᠬᠦᠴᠢᠷ ᠠᠰᠠᠭᠤᠳᠠᠯ ᠢ  ᠰᠢᠢᠳᠪᠦᠷᠢᠯᠡᠵᠦ᠂ ᠬᠤᠭᠤᠴᠠᠭ᠎ᠠ ᠰᠣᠯᠢᠬᠤ ᠠᠵᠢᠯ ᠤᠨ ᠴᠢᠨᠠᠷ ᠰᠠᠶᠢᠲᠠᠶ ᠪᠠᠶᠢᠬᠤ ᠶᠢ ᠦᠨᠡᠨᠬᠦ ᠪᠠᠲᠤᠯᠠᠨ᠎ᠠ᠃ ᠲᠦᠷᠪᠡ ᠳᠤ ᠰᠤᠷᠲᠠᠯ ᠤᠬᠠᠭᠤᠯᠭ᠎ᠠ ᠶᠢᠨ ᠠᠵᠢᠯ ᠡᠮᠦᠨ᠎ᠡ ᠡᠩᠨᠡᠭᠡᠨ ᠳᠤ ᠶᠠᠪᠤᠵᠤ᠂ ᠺᠠᠳ᠋ᠷ ᠤᠨ ᠱᠠᠭᠠᠷᠳᠠᠯᠭ᠎ᠠ ᠶᠢ ᠰᠤᠯᠠᠷᠠᠭᠤᠯᠵᠤ ᠪᠣᠯᠬᠤ ᠦᠭᠡᠢ᠃ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠲᠤ ᠡᠵᠡᠮᠰᠢᠵᠦ᠂ ᠬᠤᠭᠤᠴᠠᠭ᠎ᠠ ᠰᠣᠯᠢᠬᠤ ᠳᠡᠰ ᠳᠠᠷᠠᠭᠠᠯᠠᠯ ᠢ ᠥᠷᠭᠡᠨ ᠢᠶᠠᠷ ᠤᠬᠠᠭᠤᠯᠵᠤ᠂ LED ᠡᠯᠧᠺᠲᠷᠣᠨ ᠳᠡᠯᠭᠡᠴᠡ᠂ ᠸᠢᠴᠠᠲ ᠤᠨ ᠨᠡᠶᠢᠲᠡ ᠶᠢᠨ ᠳ᠋ᠤᠭᠠᠷ᠂ ᠤᠷᠢᠶ᠎ᠠ ᠯᠣᠽᠦ᠋ᠩ ᠨᠠᠭᠠᠬᠤ᠂ ᠬᠥᠨᠳᠡᠯᠡᠨ ᠪᠢᠴᠢᠭᠡᠰᠦ ᠡᠯᠭᠦᠬᠦ ᠵᠢᠴᠢ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠵᠡᠷᠭᠡ ᠣᠯᠠᠨ ᠵᠦᠢᠯ ᠤᠨ ᠪᠦᠲᠦᠮᠵᠢᠲᠡᠶ ᠬᠡᠯᠪᠡᠷᠢ ᠶᠢ ᠠᠰᠢᠭᠯᠠᠨ᠂ ᠥᠷᠭᠡᠨ ᠣᠯᠠᠨ ᠨᠠᠮ ᠤᠨ ᠭᠡᠰᠢᠭᠦᠨ ᠣᠯᠠᠨ ᠲᠦᠮᠡᠨ ᠢ ᠬᠥᠲᠥᠯᠥᠨ ᠵᠢᠯᠣᠭᠤᠳᠴᠤ ᠬᠤᠭᠤᠴᠠᠭ᠎ᠠ ᠰᠣᠯᠢᠬᠤ ᠠᠵᠢᠯ ᠳᠤ ᠵᠥᠪ ᠢᠶᠠᠷ ᠬᠠᠨᠳᠤᠭᠤᠯᠵᠤ᠂ ᠰᠣᠩᠭᠤᠭᠤᠯᠢ ᠳᠤ ᠣᠷᠣᠯᠴᠠᠬᠤ᠂ ᠰᠣᠩᠭᠤᠭᠤᠯᠢ ᠶᠢ ᠳᠡᠮᠵᠢᠬᠦ ᠢᠳᠡᠪᠬᠢᠵᠢᠯ ᠪᠠ ᠤᠬᠠᠮᠰᠠᠷᠲᠤ ᠴᠢᠨᠠᠷ ᠢ  ᠳᠡᠭᠡᠭᠰᠢᠯᠡᠬᠦᠯᠦᠨ᠎ᠡ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号