ᠰᠢᠨ᠎ᠡ ᠴᠠᠭ ᠦᠶ᠎ᠡ ᠶᠢᠨ ᠲᠥᠯᠥᠪᠯᠡᠭᠡᠲᠦ ᠦᠷᠡᠵᠢᠯ ᠤᠨ ᠳᠠᠭᠠᠳᠬᠠᠯ ᠤᠨ ᠠᠵᠢᠯ ᠤᠨ ᠴᠢᠨᠠᠷ ᠰᠠᠶᠢᠲᠠᠶ | ᠥᠷᠨᠢᠬᠦ ᠶᠢ ᠤᠯᠠᠮ ᠨᠢᠭᠡ ᠠᠯᠬᠤᠮ ᠠᠬᠢᠭᠤᠯᠵᠦ᠂ ᠲᠥᠯᠥᠪᠯᠡᠭᠡᠲᠦ ᠦᠷᠡᠵᠢᠯ ᠤᠨ ᠭᠡᠷ ᠪᠦᠯᠢ ᠶᠢᠨ ᠠᠶᠤᠯ | ᠲᠦᠭᠰᠢᠭᠦᠷᠢ ᠶᠢᠨ ᠬᠠᠯᠬᠠᠪᠴᠢ ᠶᠢ ᠦᠷᠭᠦᠯᠵᠢᠯᠡᠨ ᠪᠠᠬᠢᠵᠢᠭᠦᠯᠵᠦ᠂ ᠲᠥᠯᠥᠪᠯᠡᠭᠡᠲᠦ ᠦᠷᠡᠵᠢᠯ ᠤᠨ ᠰᠢᠷᠢᠰ | ᠳᠠᠭᠠᠳᠬᠠᠯ ᠤᠨ ᠳᠠᠪᠠᠭᠤᠯᠢᠭ ᠴᠢᠨᠠᠷ ᠢ ᠭᠦᠢᠴᠡᠳ ᠲᠠᠨᠢᠭᠤᠯᠬᠤ ᠶᠢᠨ ᠲᠦᠯᠦᠭᠡ᠂ 2020 ᠣᠨ ᠤ 12 ᠰᠠᠷ᠎ᠠ ᠶᠢᠨ | 2 ᠤᠨ ᠡᠳᠦᠷ ᠠᠨ ᠵᠢᠤᠢ ᠵᠢᠶᠠ ᠶᠤᠸᠠᠨ ᠲᠥᠯᠥᠪᠯᠡᠭᠡᠲᠦ ᠦᠷᠡᠵᠢᠯ ᠤᠨ ᠳᠠᠭᠠᠳᠬᠠᠯ ᠤᠨ ᠤᠬᠠᠭᠤᠯᠭ᠎ᠠ ᠶᠢᠨ | ᠠᠵᠢᠯᠯᠠᠭ᠎ᠠ ᠥᠷᠨᠢᠭᠦᠯᠪᠡ᠃ | | ᠠᠵᠢᠯᠯᠠᠭᠠᠨ ᠤ ᠳᠤᠮᠳᠠ ᠨᠡᠶᠢᠭᠡᠮ ᠲᠣᠭᠤᠷᠢᠭ ᠨᠢ ᠡᠯᠭᠦᠬᠦ᠂ ᠤᠬᠠᠭᠤᠯᠬᠤ ᠵᠢᠷᠤᠭ ᠨᠠᠭᠠᠬᠤ᠂ ᠸᠢᠴᠠᠲ ᠤᠨ | ᠪᠦᠯᠦᠭ᠂ ᠲᠤᠤᠷᠯᠠᠭᠴᠢ ᠡᠷᠦᠬᠡ ᠳᠤ ᠣᠷᠣᠬᠤ ᠵᠡᠷᠭᠡ ᠣᠯᠠᠨ ᠠᠷᠭ᠎ᠠ ᠵᠠᠮ ᠢᠶᠠᠷ ᠲᠥᠯᠥᠪᠯᠡᠭᠡᠲᠦ ᠦᠷᠡᠵᠢᠯ ᠤᠨ | ᠳᠠᠭᠠᠳᠬᠠᠯ ᠤᠨ ᠤᠬᠠᠭᠤᠯᠭ᠎ᠠ ᠬᠢᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠤᠬᠠᠭᠤᠯᠤᠭᠴᠢ᠂ ᠮᠡᠳᠡᠭᠡ | ᠵᠠᠩᠭᠢᠴᠢ᠂ ᠵᠣᠬᠢᠴᠠᠭᠤᠯᠤᠭᠴᠢ᠂ ᠦᠢᠯᠡᠴᠢᠯᠡᠭᠴᠢ ᠶᠢ ᠰᠠᠶᠢᠲᠤᠷ ᠬᠢᠵᠦ᠂ ᠮᠡᠳᠡᠭᠳᠡᠯ ᠢ ᠪᠣᠳᠠᠲᠠᠶᠢᠵᠢᠭᠤᠯᠵᠤ᠂ | ᠲᠥᠷᠥ ᠶᠢᠨ ᠪᠣᠳᠣᠯᠭ᠎ᠠ ᠶᠢᠨ ᠵᠣᠷᠢᠭ ᠰᠠᠨᠠᠭ᠎ᠠ ᠶᠢ ᠪᠣᠳᠠᠲᠠᠶᠢᠵᠢᠭᠤᠯᠵᠤ᠂ ᠪᠦᠬᠦᠨ ᠢ ᠬᠠᠮᠤᠷᠬᠤ᠂ ᠦᠬᠦᠮᠡᠯ ᠥᠨᠴᠦᠭ | ᠦᠭᠡᠢ ᠪᠣᠯᠭᠠᠬᠤ ᠶᠢ ᠴᠢᠷᠮᠠᠶᠢᠨ ᠪᠡᠶᠡᠯᠡᠭᠦᠯᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠠᠰᠢᠭ ᠬᠦᠷᠲᠡᠭᠡᠬᠦ | ᠡᠨᠡ ᠬᠦ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤᠨᠢ ᠮᠡᠳᠡᠭᠦᠯᠬᠦ ᠬᠡᠷᠡᠭᠲᠠᠢ᠃ | | ᠳᠠᠷᠠᠭ᠎ᠠ ᠠᠯᠬᠤᠮ ᠳᠤ᠂ ᠠᠨ ᠵᠢᠦᠢ ᠵᠢᠶᠠ ᠶᠤᠸᠠᠨ ᠨᠡᠶᠢᠭᠡᠮ ᠲᠣᠭᠤᠷᠢᠭ ᠤᠨ ᠬᠢᠨ ᠲᠥᠯᠥᠪᠯᠡᠭᠡᠲᠦ | ᠦᠷᠡᠵᠢᠯ ᠤᠨ ᠭᠡᠷ ᠪᠦᠯᠢ ᠶᠢᠨ ᠳᠠᠭᠠᠳᠬᠠᠯ ᠤᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠲᠥᠯᠥᠪᠯᠡᠭᠡᠲᠦ | ᠦᠷᠡᠵᠢᠯ ᠤᠨ ᠰᠢᠷᠢᠰ ᠳᠠᠭᠠᠳᠬᠠᠯ ᠢ ᠵᠠᠰᠠᠭ ᠤᠨ ᠣᠷᠳᠣᠨ ᠰᠠᠨᠠᠭ᠎ᠠ ᠠᠮᠤᠷ᠂ ᠣᠯᠠᠨ ᠲᠦᠮᠡᠨ ᠤ ᠰᠡᠳᠬᠢᠯ ᠢ | ᠳᠤᠯᠠᠭᠠᠴᠠᠭᠤᠯᠬᠤ ᠢᠨᠵᠧᠨᠧᠷᠢᠩ ᠪᠤᠯᠭᠠᠵᠦ᠂ ᠲᠥᠯᠥᠪᠯᠡᠭᠡᠲᠦ ᠦᠷᠡᠵᠢᠯ ᠤᠨ ᠭᠡᠷ ᠪᠦᠯᠢ ᠳᠤ ︽ᠬᠠᠮᠠᠭᠠᠯᠠᠭᠴᠢ︾ | ᠪᠣᠯᠵᠤ ᠥᠭᠭᠦᠨ᠎ᠡ᠃ | | |