ᠤᠳᠠ ᠲᠤᠭᠤᠷᠢᠭ ᠤᠨ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ  ᠬᠤᠷᠢᠶᠠᠨ ᠤ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/12/9
     12 ᠰᠠᠷ᠎ᠠ ᠶᠢᠨ 4 ᠤ ᠡᠳᠦᠷ᠂ ᠤᠳᠠ ᠲᠣᠭᠤᠷᠢᠭ ᠪᠦᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠬᠤᠷᠢᠶᠠᠨ ᠤ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠬᠠᠨ ᠯᠢ ᠫᠢᠩ ᠬᠤᠷᠠᠯ ᠢ ᠡᠷᠬᠢᠯᠡᠭᠰᠡᠨ ᠤ ᠬᠠᠮᠲᠤ ᠶᠠᠷᠢᠶ᠎ᠠ ᠲᠠᠯᠪᠢᠪᠠ᠃
   
     ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠪᠥᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠬᠤᠷᠢᠶᠠᠨ ᠤ ᠭᠤᠷᠪᠠᠳᠤᠭᠠᠷ ᠬᠤᠷᠠᠯ ᠪᠣᠯᠤᠨ ᠲᠥᠪ ᠤᠨ ᠪᠥᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠪ ᠤᠨ ᠪᠥᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠵᠥᠪᠯᠡᠯ ᠤᠨ ︽ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠯ ᠤᠨ ᠥᠭᠡᠷᠡᠴᠢᠯᠡᠯᠲᠡ ᠶᠢᠨ ᠲᠥᠰᠦᠯ︾᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠵᠥᠪᠯᠡᠯ ᠤᠨ ᠭᠤᠷᠪᠠᠳᠤᠭᠠᠷ ᠬᠤᠷᠠᠯ ᠵᠢᠴᠢ ᠦᠬᠠᠶ ᠬᠤᠲᠠ ᠶᠢᠨ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠶᠣᠰᠣᠭᠠᠷ ᠬᠤᠲᠠ ᠪᠠᠨ ᠵᠠᠰᠠᠬᠤ ᠵᠥᠪᠯᠡᠯ ᠤᠨ ᠭᠤᠷᠪᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠳᠠ ᠲᠣᠭᠤᠷᠢᠭ ᠤᠨ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠲᠣᠪᠴᠢ ︵2015 — 2020 ᠣᠨ︶︾ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠠᠵᠢᠯ ᠤᠨ ᠪᠠᠶᠢᠳᠠᠯ ᠢ ᠰᠣᠨᠣᠰᠴᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠶᠠᠷᠢᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠥᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠶᠢ ᠠᠬᠢᠭᠤᠯᠬᠤ ᠪᠣᠯ ᠪᠥᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠪᠠᠶᠢᠯᠳᠤᠬᠤ ᠪᠣᠳᠣᠯᠭ᠎ᠠ ᠶᠢ ᠲᠤᠤᠱᠯᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠭᠠᠵᠠᠷ ᠤᠷᠤᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠣᠳᠠᠲᠤ ᠬᠡᠷᠡᠭᠴᠡᠭᠡ ᠮᠥᠨ᠂ ᠲᠥᠪ ᠭᠤᠤᠯᠴᠢ ᠰᠢᠳᠤᠷᠭᠤ ᠶᠣᠰᠣ ᠶᠢ ᠠᠬᠢᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ ᠭᠡᠳᠡᠭ ᠢ ᠭᠦᠨᠵᠡᠭᠡᠶ ᠲᠠᠨᠢᠵᠤ᠂ ᠪᠥᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠠᠵᠢᠯ ᠢ ᠰᠠᠶᠢᠲᠤᠷ ᠬᠢᠬᠦ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠷᠠᠭᠤᠯᠤᠨ᠎ᠠ᠃ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠬᠦ᠂ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠰᠢᠨ᠎ᠡ ᠶᠢ ᠡᠭᠦᠳᠬᠦ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ ᠬᠠᠮᠠᠭᠠᠯᠠᠵᠤ᠂ ᠪᠥᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠬᠤ ᠶᠢ ᠠᠬᠢᠭᠤᠯᠤᠨ᠎ᠠ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠵᠦ᠂ ᠬᠢᠨᠠᠨ ᠰᠢᠯᠭᠠᠵᠤ ᠬᠠᠷᠢᠭᠤᠴᠠᠯᠭ᠎ᠠ ᠨᠡᠬᠡᠮᠵᠢᠯᠡᠬᠦ ᠪᠠ ᠦᠷ᠎ᠡ ᠪᠦᠲᠦᠮᠵᠢ ᠶᠢ ᠦᠷᠭᠦᠯᠵᠢᠯᠡᠨ ᠮᠥᠷᠳᠡᠨ ᠠᠰᠠᠭᠤᠬᠤ ᠶᠢ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠬᠠᠤᠯᠢ ᠪᠠᠷ ᠵᠠᠰᠠᠬᠤ ᠵᠠᠮ ᠳᠤ ᠣᠷᠣᠭᠤᠯᠵᠤ᠂ ᠪᠥᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠠᠵᠢᠯ ᠤᠨ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠦᠷᠢᠯᠳᠦᠭᠦᠯᠬᠦ ᠶᠢ ᠠᠬᠢᠭᠤᠯᠤᠨ᠎ᠠ᠃     ᠲᠤᠭᠤᠷᠢᠭ ᠤᠨ ᠤᠳᠤᠷᠢᠳᠤᠯᠭ᠎ᠠ ᠲᠢᠶᠠᠨ ᠶᠦᠩ ᠰᠢᠶᠠᠩ᠂ ᠳ᠋ᠦᠩ ᠰᠧ ᠴᠢᠩ᠂ ᠲᠤᠭᠤᠷᠢᠭ ᠤᠨ ᠨᠠᠮ ᠤᠨ ᠬᠤᠷᠢᠶᠠᠨ ᠤ ᠬᠠᠤᠯᠢ ᠪᠠᠷ ᠣᠷᠣᠨ ᠢᠶᠠᠨ ᠵᠠᠰᠠᠬᠤ ᠬᠤᠷᠢᠶᠠᠨ ᠤ ᠪᠦᠷᠢᠯᠳᠦᠬᠦᠨ᠂ ᠡᠯ᠎ᠡ  ᠵᠤᠬᠢᠴᠠᠭᠤᠯᠬᠤ ᠳᠤᠭᠤᠶᠢᠯᠠᠩ ᠤᠨ ᠳᠠᠷᠤᠭ᠎ᠠ᠂ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号