ᠪᠠᠶᠠᠨᠰᠠᠶᠢᠨ ᠵᠡᠭᠡᠯᠢ ᠭᠤᠳᠤᠮᠵᠢ ᠶᠢᠨ ᠰᠢᠯᠢᠳᠡᠭᠵᠢᠭᠦᠯᠦᠨ ᠪᠠᠶᠢᠴᠠᠭᠠᠬᠤ ᠥᠷᠲᠡᠭᠡ ᠴᠡᠭ ᠤᠨ ᠪᠠᠶᠢᠷᠢᠯᠠᠭᠤᠯᠤᠯᠲᠠ ᠬᠢᠪᠡ
ᠨᠡᠶᠢᠲᠡᠯᠡᠭᠰᠡᠨ ᠴᠠᠭ᠄
2020/3/21
       ︽ᠨᠢᠭᠡ ᠵᠢᠯ ᠤᠨ ᠠᠵᠢᠯ ᠬᠠᠪᠤᠷ ᠲᠠᠭᠠᠨ ᠪᠠᠶᠢᠨ᠎ᠠ︾᠂ ᠣᠳᠣᠬᠠᠨ ᠳᠤ᠂ ᠰᠢᠨ᠎ᠡ ᠲᠢᠲᠢᠮ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠴᠠᠭ ᠬᠤᠭᠤᠴᠠᠭ᠎ᠠ ᠪᠣᠯᠬᠤ ᠪᠥᠭᠡᠳ ᠪᠠᠰᠠ ᠴᠤ ᠡᠯ᠎ᠡ ᠠᠵᠢᠯ ᠲᠥᠷᠥᠯ ᠤᠨ ᠦᠢᠯᠡᠳᠪᠦᠷᠢᠯᠡᠯ ᠢᠶᠠᠨ ᠰᠡᠷᠭᠦᠭᠡᠵᠦ ᠠᠵᠢᠯ ᠢᠶᠠᠨ ᠰᠡᠷᠭᠦᠭᠡᠬᠦ ᠵᠠᠩᠭᠢᠯᠠᠭ᠎ᠠ ᠶᠢᠨ ᠴᠠᠭ ᠬᠤᠭᠤᠴᠠᠭ᠎ᠠ ᠪᠣᠯᠤᠨ᠎ᠠ᠃ ︽ᠵᠧᠵᠢᠶᠠᠩ ᠵᠡᠷᠭᠡ ᠮᠤᠵᠢ ᠬᠤᠲᠠ ᠶᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠭᠤᠤᠯᠳᠠᠯᠭ᠎ᠠ ᠲᠠᠢ ᠭᠠᠵᠠᠷ ᠣᠷᠣᠨ ᠠᠴᠠ ᠰᠢᠯᠵᠢᠭᠦᠯᠦᠨ ᠭᠠᠷᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠮᠡᠳᠡᠭᠳᠡᠯ︾ ︵ᠥᠪᠥᠷ ᠰᠡᠷᠭᠡᠶᠢᠯᠡᠯᠲᠡ ᠶᠢᠨ ᠴᠠᠬᠢᠯᠭᠠᠨ ︹ 2020 ︺ 17 ᠳ᠋ᠤᠭᠠᠷ ᠲᠣᠭᠠᠲᠤ︶ ᠤᠨ ︽ᠪᠥᠬᠦ ᠤᠯᠤᠰ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ ᠮᠠᠨ ᠤ ᠣᠷᠣᠨ ᠳᠤ ᠬᠠᠷᠢᠯᠴᠠᠨ ᠲᠠᠨᠢᠬᠤ ᠶᠢ ᠲᠦᠷᠭᠡᠳᠬᠡᠨ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠡᠭᠦᠨ ᠤ ᠬᠠᠮᠲᠤ ᠪᠣᠳᠠᠲᠠᠶ ᠲᠠᠢ ᠪᠠᠨ ᠤᠶᠠᠯᠳᠤᠭᠤᠯᠤᠨ᠂ ᠬᠠᠷᠢᠶ᠎ᠠ ᠣᠷᠣᠨ ᠤ ᠳᠣᠲᠣᠷᠠᠬᠢ ᠪᠣᠭᠤᠮᠲᠠ ᠶᠢ ᠰᠢᠯᠢᠳᠡᠭᠵᠢᠭᠦᠯᠦᠨ᠂ ᠠᠮᠤᠷ ᠲᠦᠪᠰᠢᠨ ᠡᠮᠬᠢ ᠵᠢᠷᠤᠮ ᠲᠠᠢ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠨᠥᠬᠦᠴᠡᠯ ᠪᠣᠯᠤᠨ ᠬᠢᠵᠢᠭ ᠰᠡᠷᠭᠡᠶᠢᠯᠡᠬᠦ ᠱᠠᠭᠠᠷᠳᠠᠯᠭ᠎ᠠ ᠳᠤ ᠨᠡᠶᠢᠴᠡᠭᠰᠡᠨ ᠠᠵᠤ ᠠᠬᠤᠶᠢᠯᠠᠯ ᠤᠨ ᠲᠦᠷᠭᠡᠨ ᠠᠵᠢᠯ ᠢᠶᠠᠨ ᠰᠡᠷᠭᠦᠭᠡᠵᠦ᠂ ᠡᠮᠬᠢ ᠵᠢᠷᠤᠮ ᠲᠠᠢ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠵᠤ᠂ ᠰᠤᠷᠭᠠᠭᠤᠯᠢ ᠳᠤ ᠰᠤᠷᠤᠯᠭ᠎ᠠ ᠪᠠᠨ ᠰᠡᠷᠭᠦᠭᠡᠬᠦ ᠪᠡᠯᠡᠳᠬᠡᠯ ᠢ ᠤᠷᠢᠳᠴᠢᠯᠠᠨ ᠰᠠᠶᠢᠲᠤᠷ ᠬᠢᠵᠦ ᠥᠭᠴᠡᠶ᠃ ᠡᠮᠬᠢ ᠵᠢᠷᠤᠮ ᠲᠠᠢ ᠪᠠᠷ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢᠨ ᠵᠡᠷᠭᠡ ᠪᠠᠷ ᠬᠢᠴᠢᠶᠡᠩᠭᠦᠢ ᠪᠣᠯᠭᠤᠮᠵᠢᠲᠠᠢ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭ᠎ᠠ ᠱᠤᠭᠤᠮ ᠢ ᠪᠠᠲᠤ ᠰᠠᠬᠢᠨ᠎ᠠ᠃        ᠪᠠᠶᠠᠨᠰᠠᠶᠢᠨ ᠵᠡᠭᠡᠯᠢ ᠭᠤᠳᠤᠮᠵᠢ ᠨᠢ ᠬᠠᠷᠢᠶᠠᠲᠤ ᠣᠷᠣᠨ ᠤ ᠳᠣᠲᠣᠷᠠᠬᠢ ᠪᠢᠲᠡᠭᠦᠮᠵᠢᠯᠡᠯᠲᠡ ᠶᠢᠨ ᠵᠠᠮ ᠤᠨ ᠠᠭᠤᠯᠵᠠᠷ ᠢ ᠴᠢᠯᠥᠭᠡᠲᠡᠶ ᠪᠣᠯᠭᠠᠬᠤ ᠵᠢᠴᠢ ᠵᠢᠵᠢᠭ ᠲᠣᠭᠤᠷᠢᠭ ᠤᠨ ᠰᠥᠨᠢ ᠶᠢᠨ ᠬᠤᠷᠢᠭ᠎ᠠ ᠴᠠᠭᠠᠵᠠ ᠶᠢ ᠬᠦᠴᠦᠨ ᠥᠬᠡᠶ ᠪᠤᠯᠭᠠᠬᠤ ᠳᠠᠭᠠᠨ ᠲᠥᠷᠥ ᠶᠢᠨ ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠵᠦ᠂ ᠲᠥᠷᠥᠯ ᠬᠤᠪᠢᠶᠠᠨ ᠬᠠᠮᠢᠶᠠᠷᠴᠤ᠂ ᠠᠳᠠᠯ ᠠᠬᠤᠢ ᠶᠢᠨ ᠵᠢᠵᠢᠭ ᠲᠣᠭᠤᠷᠢᠭ ᠨᠢ ᠠᠳᠠᠯ ᠠᠬᠤᠶ ᠳᠤ ᠲᠤᠰᠢᠶᠠᠵᠤ ᠨᠢᠭᠡᠳᠦᠯᠲᠡᠶ ᠬᠠᠮᠢᠶᠠᠷᠤᠯᠲᠠ ᠬᠢᠯᠭᠡᠵᠦ᠂ ᠠᠳᠠᠯ ᠠᠬᠤᠢ ᠶᠢᠨ ᠵᠢᠵᠢᠭ ᠲᠣᠭᠤᠷᠢᠭ ᠥᠬᠡᠶ ᠪᠣᠯ ᠡᠯ᠎ᠡ ᠨᠡᠶᠢᠭᠡᠮ ᠲᠣᠭᠤᠷᠢᠭ ᠤᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠦᠷᠭᠦᠯᠵᠢᠯᠡᠨ ᠬᠠᠮᠢᠶᠠᠷᠴᠤ᠂ ᠵᠢᠵᠢᠭ ᠲᠣᠭᠤᠷᠢᠭ ᠤᠨ ᠰᠠᠭᠤᠭᠠᠯᠢ ᠠᠷᠠᠳ ᠵᠢᠵᠢᠭ ᠲᠣᠭᠤᠷᠢᠭ ᠢᠶᠠᠷ ᠣᠷᠣᠵᠤ ᠭᠠᠷᠴᠤ ᠡᠷᠡᠭᠦᠯ ᠮᠡᠨᠳᠦ ᠶᠢᠨ ᠺᠣᠳ᠋ ᠦᠵᠡᠭᠦᠯᠬᠦ ᠶᠢ ᠪᠡᠶᠡᠯᠡᠭᠦᠯᠦᠨ᠎ᠡ︔ ᠪᠠᠶᠢᠰᠢᠩᠳᠦ ᠲᠣᠭᠤᠷᠢᠭ ᠢ ᠴᠠᠭᠳᠠᠨ ᠪᠠᠶᠢᠴᠠᠭᠠᠬᠤ ᠠᠩᠭᠢ ᠠᠴᠠ ᠲᠠᠰᠤᠯᠳᠠᠯ ᠥᠬᠡᠶ ᠴᠠᠭᠳᠠᠨ ᠪᠠᠶᠢᠴᠠᠭᠠᠬᠤ ᠬᠠᠮᠢᠶᠠᠷᠤᠯᠲᠠ ᠬᠢᠨ᠎ᠠ︔ ᠬᠠᠷᠢᠶ᠎ᠠ ᠣᠷᠣᠨ ᠤ ᠬᠢᠯᠢ ᠶᠢᠨ ᠭᠠᠳᠠᠨᠠᠬᠢ᠂ ᠨᠠᠭᠤᠷ ᠤᠨ ᠬᠤᠶᠢᠨᠠᠬᠢ ᠬᠤᠭᠤᠰᠣᠨ ᠭᠡᠷ ᠲᠠᠢ ᠡᠷᠦᠬᠡ ᠳᠤ ᠨᠢᠭᠡ ᠡᠳᠦᠷ ᠬᠤᠶᠠᠷ ᠤᠳᠠᠭ᠎ᠠ ᠲᠣᠭᠤᠷᠢᠨ ᠴᠠᠭᠳᠠᠵᠤ᠂ ᠬᠢᠯᠢ ᠶᠢᠨ ᠭᠠᠳᠠᠨᠠᠬᠢ᠂ ᠬᠤᠪᠧᠢ ᠶᠢᠨ ᠪᠤᠴᠠᠵᠤ ᠢᠷᠡᠭᠰᠡᠨ ᠬᠥᠮᠦᠰ ᠲᠤ ︽ᠲᠣᠰ ᠡᠳᠦᠷ ᠲᠤᠨᠢ ᠬᠦᠷᠴᠦ᠂ ᠲᠣᠰ ᠡᠳᠦᠷ ᠲᠤᠨᠢ ᠬᠠᠮᠢᠶᠠᠷᠤᠨ ᠡᠵᠡᠮᠳᠡᠬᠦ ᠶᠢ ᠦᠨᠡᠨᠬᠦ ᠪᠠᠲᠤᠯᠠᠨ᠎ᠠ︾᠃        ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠵᠤ᠂ ᠦᠢᠯᠡᠳᠪᠦᠷᠢᠯᠡᠯ ᠡᠵᠡᠩᠨᠡᠯᠲᠡ ᠶᠢ ︽ᠪᠢᠲᠡᠭᠦᠮᠵᠢᠯᠡᠵᠦ ︾ ᠪᠣᠯᠬᠤ ᠥᠬᠡᠶ᠃ ᠦᠢᠯᠡᠳᠪᠦᠷᠢᠯᠡᠯ ᠢᠶᠠᠨ ᠰᠡᠷᠭᠦᠭᠡᠵᠦ ᠠᠵᠢᠯ ᠢᠶᠠᠨ ᠰᠡᠷᠭᠦᠭᠡᠬᠦ ᠶᠢ ᠠᠳᠬᠤᠬᠤ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠨ ᠮᠠᠷᠲᠠᠵᠤ ᠪᠣᠯᠬᠤ ᠦᠭᠡᠢ᠃ ᠭᠠᠭᠴᠠ ᠬᠦ ᠢᠲᠡᠭᠡᠯ ᠵᠣᠷᠢᠭ ᠢᠶᠠᠨ ᠪᠠᠲᠤᠳᠬᠠᠨ᠂ ᠴᠠᠭ ᠤᠨ ᠪᠡᠷᠬᠡ ᠶᠢ ᠢᠯᠠᠨ ᠳᠠᠪᠠᠪᠠᠯ᠂ ᠬᠢᠵᠢᠭ ᠢ ᠡᠰᠡᠷᠭᠦᠴᠡᠬᠦ ᠪᠦᠬᠦ ᠲᠠᠯ᠎ᠠ ᠶᠢᠨ ᠢᠯᠠᠯᠲᠠ ᠶᠢ ᠯᠠᠪᠲᠠᠶ ᠤᠭᠲᠤᠨ ᠠᠪᠴᠢᠷᠠᠬᠤ ᠶᠤᠮ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号