ᠡᠳᠦᠭᠡ᠂ ᠤᠳᠠ ᠲᠣᠭᠤᠷᠢᠭ ᠤᠨ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ᠂ ᠢᠳᠡᠭᠡᠨ ᠤᠮᠳᠠᠭᠠᠨ᠂ | ᠬᠡᠳᠦ ᠳᠡᠯᠭᠡᠭᠦᠷ ᠵᠡᠷᠭᠡ ᠲᠠᠯᠠᠪᠤᠷ ᠭᠠᠵᠠᠷ ᠤᠨ ᠶᠢᠰᠦᠨ ᠬᠤᠪᠢ ᠶᠢ ᠳᠠᠪᠠᠵᠤ ᠠᠵᠢᠯ ᠢᠶᠠᠨ ᠡᠬᠢᠯᠡᠭᠦᠯᠪᠡ᠃ 3 | ᠰᠠᠷ᠎ᠠ ᠶᠢᠨ 18 ᠤ ᠡᠳᠦᠷ ᠰᠤᠷᠪᠤᠯᠵᠢᠯᠠᠭᠴᠢ ᠠᠵᠢᠯ ᠰᠡᠷᠭᠦᠭᠡᠭᠰᠡᠨ ᠤ ᠳᠠᠷᠠᠭᠠᠬᠢ ᠬᠡᠰᠡᠭ ᠵᠠᠬ᠎ᠠ ᠳᠡᠯᠭᠡᠭᠦᠷ᠂ | ᠬᠤᠭᠤᠯᠠᠨ ᠭᠡᠷ ᠤᠨ ᠪᠠᠶᠢᠳᠠᠯ ᠤᠨ ᠲᠤᠬᠠᠶ ᠰᠤᠷᠪᠤᠯᠵᠢᠯᠠᠪᠠ᠃ | ᠡᠷᠬᠢᠨ ᠦᠵᠡᠬᠦ ᠶᠠᠪᠤᠴᠠ ᠳᠤ᠂ ᠠᠵᠢᠯ ᠢᠶᠠᠨ ᠰᠡᠷᠭᠦᠭᠡᠵᠦ ᠠᠵᠢᠯ ᠡᠬᠢᠯᠡᠭᠦᠯᠦᠭᠰᠡᠨ ᠪᠣᠶ ᠪᠥᠬᠦᠶ ᠵᠠᠬ᠎ᠠ | ᠲᠡᠯᠭᠡᠭᠦᠷ ᠤᠨ ᠡᠭᠦᠳᠡᠨ ᠳᠤ ᠴᠥᠮ ᠲᠤᠰᠬᠠᠶ ᠬᠥᠮᠦᠨ ᠳᠣᠭᠢᠷᠠᠭᠤᠯᠵᠤ᠂ ᠳᠡᠯᠭᠡᠭᠦᠷ ᠲᠤ ᠣᠷᠣᠬᠤ ᠬᠥᠮᠦᠰ ᠤᠨ | ᠨᠡᠪᠲᠡᠷᠡᠬᠦ ᠦᠨᠡᠮᠯᠡᠯ ᠢ ᠪᠠᠶᠢᠴᠠᠭᠠᠵᠤ᠂ ᠪᠡᠶ᠎ᠡ ᠶᠢᠨ ᠳᠤᠯᠠᠭᠠᠨ ᠢ ᠬᠡᠮᠵᠢᠬᠦ︔ ᠡᠯ᠎ᠡ ᠲᠠᠯᠠᠪᠤᠷ ᠲᠤ ᠴᠥᠮ ᠳᠤᠯᠠᠭᠠᠨ ᠢ | ᠬᠡᠮᠵᠢᠬᠦ ᠫᠤᠤ᠂ ᠠᠷᠢᠭᠤᠳᠬᠠᠬᠤ ᠰᠢᠩᠭᠡᠨ ᠲᠣᠬᠢᠷᠠᠭᠤᠯᠵᠤ᠂ ᠡᠵᠡᠩᠨᠡᠭᠴᠢ ᠳᠤ ᠴᠥᠮ ᠠᠮᠠᠪᠴᠢ ᠵᠡᠭᠦᠵᠦ᠂ | ᠰᠡᠷᠭᠡᠶᠢᠯᠡᠨ ᠬᠠᠮᠠᠭᠠᠯᠠᠬᠤ ᠡᠳ᠋ ᠪᠣᠳᠠᠰ ᠪᠦᠷᠢᠨ ᠭᠦᠢᠴᠡᠳ ᠪᠠᠶᠢᠬᠤ ᠬᠡᠷᠡᠭᠲᠡᠶ᠃ ︽ᠠᠵᠢᠯ ᠢᠶᠠᠨ ᠰᠡᠷᠭᠦᠭᠡᠬᠦ ᠳᠤ | ᠲᠤᠯᠭᠠᠷᠠᠵᠤ ᠪᠠᠶᠢᠭ᠎ᠠ ᠬᠠᠮᠤᠭ ᠤᠨ ᠶᠡᠭᠡ ᠠᠰᠠᠭᠤᠳᠠᠯ ᠪᠣᠯ ᠰᠡᠷᠭᠡᠶᠢᠯᠡᠨ ᠬᠠᠮᠠᠭᠠᠯᠠᠬᠤ ᠡᠳ᠋ ᠪᠣᠳᠠᠰ ᠳᠤᠲᠠᠭᠳᠠᠵᠤ | ᠪᠠᠶᠢᠭ᠎ᠠ ᠶᠠᠪᠤᠳᠠᠯ ᠪᠣᠯᠤᠨ᠎ᠠ᠃︾ ᠭᠡᠵᠦ ᠤᠳᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠶᠢᠨ ᠳᠡᠳ᠋ ᠳᠠᠷᠤᠭ᠎ᠠ ᠵᠠᠩ ᠬᠠᠶ ᠶᠠᠨ ᠤ ᠲᠠᠨᠢᠯᠴᠠᠭᠤᠯᠤᠭᠰᠠᠨ ᠢᠶᠠᠷ᠂ ᠡᠨᠡ ᠬᠦ ᠬᠦᠴᠢᠷ ᠠᠰᠠᠭᠤᠳᠠᠯ ᠢ | ᠰᠢᠢᠳᠪᠦᠷᠢᠯᠡᠬᠦ ᠶᠢᠨ ᠲᠥᠯᠥᠭᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠦᠬᠠᠶ | ᠬᠤᠲᠠ ᠶᠢᠨ ᠰᠠᠨ ᠯᠢ ᠡᠮ ᠤᠨ ᠦᠢᠯᠡᠰ ᠲᠠᠢ ᠬᠠᠷᠢᠯᠴᠠᠵᠤ᠂ ᠲᠡᠭᠦᠨ ᠤ ᠦᠢᠯᠡᠳᠪᠦᠷᠢ ᠯᠦᠭᠡ ᠬᠠᠷᠢᠯᠴᠠᠵᠤ᠂ | ᠪᠠᠷᠠᠭ᠎ᠠ ᠣᠷᠣᠭᠤᠯᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠠᠮᠠᠪᠴᠢ᠂ ᠳᠤᠯᠠᠭᠠᠨ ᠬᠡᠮᠵᠢᠬᠦ ᠫᠤᠤ᠂ | ᠠᠷᠢᠭᠤᠳᠬᠠᠬᠤ ᠡᠳ᠋᠂ ᠰᠫᠢᠷᠲ ᠵᠡᠷᠭᠡ ᠰᠡᠷᠭᠡᠶᠢᠯᠡᠨ ᠬᠠᠮᠠᠭᠠᠯᠠᠬᠤ ᠡᠳ᠋ ᠪᠣᠳᠠᠰ ᠢ ᠬᠤᠳᠠᠯᠳᠤᠨ ᠠᠪᠴᠤ᠂ | ᠲᠥᠷᠥ ᠶᠢᠨ ᠪᠣᠳᠣᠯᠭ᠎ᠠ ᠶᠢᠨ ᠨᠥᠬᠦᠪᠥᠷᠢ ᠥᠭᠴᠦ᠂ ᠡᠵᠡᠩᠨᠡᠯᠲᠡ ᠶᠢᠨ ᠲᠠᠯᠠᠪᠤᠷ ᠭᠠᠵᠠᠷ ᠲᠤ ᠲᠦᠭᠡᠭᠡᠨ ᠥᠭᠴᠦ᠂ | ᠡᠵᠡᠩᠨᠡᠭᠴᠢ ᠶᠢᠨ ᠰᠡᠷᠭᠡᠶᠢᠯᠡᠯᠲᠡ ᠶᠢ ᠪᠣᠳᠠᠲᠠᠶᠢᠵᠢᠭᠤᠯᠵᠤ᠂ ᠰᠢᠨ᠎ᠡ ᠲᠢᠲᠢᠮ ᠸᠢᠷᠦ᠋ᠰ ᠬᠠᠯᠳᠠᠪᠤᠷᠢᠯᠠᠬᠤ ᠠᠷᠭ᠎ᠠ ᠵᠠᠮ ᠢ | ᠲᠠᠰᠤᠯᠬᠤ ᠶᠢ ᠦᠨᠡᠨ ᠬᠦ ᠪᠠᠲᠤᠯᠠᠨ᠎ᠠ᠃ | ᠯᠢᠦᠢ ᠹᠧᠩ ᠳ᠋ᠡ ᠢᠳᠡᠭᠡᠨ ᠪᠣᠯᠪᠠᠰᠤᠷᠠᠭᠤᠯᠬᠤ ᠬᠦᠷᠢᠶᠡᠯᠡᠩ ᠳᠤ ᠮᠠᠨᠲᠠᠤ᠂ ᠳ᠋ᠧᠦᠹᠦ᠋᠂ ᠪᠤᠯᠭᠤᠭᠰᠠᠨ ᠮᠢᠬ᠎ᠠ | ᠯᠢᠦᠢ ᠵᠡᠷᠭᠡ ᠢᠳᠡᠭᠡᠨ ᠪᠠ ᠦᠢᠯᠡᠳᠪᠦᠷᠢ ᠬᠤᠳᠠᠯᠳᠤᠭᠠᠨ ᠤ ᠡᠷᠦᠬᠡ ᠲᠠᠷᠬᠠᠵᠤ ᠪᠠᠶᠢᠨ᠎ᠠ᠂ ᠲᠡᠳᠡᠨ ᠤ ᠠᠵᠢᠯ | ᠰᠡᠷᠭᠦᠭᠡᠬᠦ ᠨᠢ ᠤᠳᠠ ᠲᠣᠭᠤᠷᠢᠭ ᠤᠨ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ ᠲᠠᠢ ᠨᠢᠭᠲᠠ | ᠬᠤᠯᠪᠣᠭ᠎ᠠ ᠲᠠᠢ ᠶᠤᠮ᠃ ᠦᠳᠡ ᠶᠢᠨ ᠡᠮᠦᠨᠡᠬᠢ 9 ᠴᠠᠭ ᠢᠯᠡᠭᠦᠦ ᠳᠤ᠂ ᠣᠯᠠᠨ ᠳᠡᠯᠭᠡᠭᠦᠷ ᠶᠠᠭ ᠠᠵᠢᠯᠯᠠᠵᠤ | ᠪᠠᠶᠢᠨ᠎ᠠ᠃ ᠡᠭᠦᠨ ᠳᠤ᠂ ᠨᠢᠭᠡ ᠳ᠋ᠧᠦᠹᠦ᠋ ᠶᠢᠨ ᠳᠡᠯᠭᠡᠭᠦᠷ ᠤᠨ ᠳ᠋ᠧᠦᠹᠦ᠋ ᠶᠢᠨ ᠪᠣᠯᠪᠠᠰᠤᠷᠠᠭᠤᠯᠤᠯᠲᠠ ᠨᠢᠭᠡᠨᠲᠡ | ᠳᠠᠭᠤᠰᠴᠤ᠂ ᠠᠮᠠᠪᠴᠢ ᠵᠡᠭᠦᠭᠰᠡᠨ ᠳᠥᠷᠪᠡᠨ ᠠᠵᠢᠯᠲᠠᠨ ᠪᠦᠬᠦ ᠪᠠᠭᠠᠵᠢ ᠬᠡᠷᠡᠭᠰᠡᠯ ᠢ ᠲᠦᠢᠯᠪᠤᠷᠢᠲᠠᠶ ᠴᠡᠪᠡᠷᠯᠡᠵᠦ | ᠪᠠᠶᠢᠨ᠎ᠠ᠃ | ᠠᠵᠢᠯ ᠡᠷᠬᠢᠯᠡᠭᠰᠡᠳ ᠢ ᠤᠷᠢᠳᠴᠢᠯᠠᠨ ᠪᠠᠶᠢᠴᠠᠭᠠᠭᠰᠠᠨ ᠰᠠᠭᠤᠷᠢᠨ ᠳᠡᠭᠡᠷ᠎ᠡ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠢᠳᠡᠭᠡᠨ ᠤᠮᠳᠠᠭᠠᠨ ᠤ ᠬᠢᠨᠠᠯᠲᠠ ᠬᠠᠮᠢᠶᠠᠷᠤᠯᠲᠠ ᠶᠢᠨ ᠭᠠᠵᠠᠷ ᠤᠨ | ᠪᠣᠯᠪᠠᠰᠤᠷᠠᠭᠤᠯᠬᠤ ᠬᠦᠷᠢᠶᠡᠯᠡᠩ ᠢ ᠱᠠᠭᠠᠷᠳᠠᠭᠰᠠᠨ ᠵᠢᠴᠢ ᠠᠵᠢᠯ ᠰᠡᠷᠭᠦᠭᠡᠬᠦ ᠪᠠᠷ ᠭᠤᠶᠤᠴᠢᠯᠠᠭᠰᠠᠨ ᠬᠤᠳᠠᠯᠳᠣᠭᠠᠴᠢᠨ | ᠪᠦᠬᠦᠯᠢ ᠴᠣᠭᠴᠠ ᠶᠢᠨ ᠣᠷᠴᠢᠨ ᠲᠣᠭᠤᠷᠢᠨ᠂ ᠳᠡᠯᠭᠡᠭᠦᠷ ᠫᠦᠰᠡ ᠶᠢ ᠲᠦᠢᠯᠪᠤᠷᠢᠲᠠᠶ ᠴᠡᠪᠡᠷᠯᠡᠨ ᠴᠡᠪᠡᠷᠯᠡᠵᠦ᠂ | ᠠᠷᠢᠭᠤᠳᠬᠠᠵᠤ᠂ ᠰᠢᠯᠭᠠᠨ ᠠᠪᠬᠤ ᠳᠤ ᠪᠠᠷᠢᠮᠵᠢᠶ᠎ᠠ ᠳᠤ ᠬᠦᠷᠦᠭᠰᠡᠨ ᠤ ᠳᠠᠷᠠᠭ᠎ᠠ ᠰᠠᠶ᠋ᠢ ᠠᠵᠢᠯ ᠢᠶᠠᠨ ᠰᠡᠷᠭᠦᠭᠡᠵᠦ | ᠪᠣᠯᠤᠨ᠎ᠠ᠃ ︽ᠪᠢᠳᠡ ᠭᠤᠤᠯᠳᠠᠭᠤ ᠬᠤᠳᠠᠯᠳᠤᠭᠠᠴᠢᠨ ᠡᠷᠦᠬᠡ ᠶᠢ ᠵᠢᠯᠣᠭᠤᠳᠴᠤ ᠪᠠᠶᠢᠭᠠᠳ ᠢᠳᠡᠭᠡᠨ ᠤ ᠠᠮᠤᠷ | ᠲᠦᠪᠰᠢᠨ ᠤ ᠠᠵᠢᠯᠯᠠᠭ᠎ᠠ ᠶᠢᠨ ᠵᠢᠷᠤᠮᠵᠢᠯ ᠶᠣᠰᠣᠭᠠᠷ ᠠᠷᠢᠭᠤᠨ ᠴᠡᠪᠡᠷ᠂ ᠠᠷᠢᠭᠤᠳᠬᠠᠬᠤ ᠶᠢᠨ ᠬᠠᠮᠲᠤ ᠴᠢᠩᠭ᠎ᠠ | ᠬᠢᠨᠠᠨ ᠬᠠᠮᠢᠶᠠᠷᠴᠤ᠂ ᠬᠤᠳᠠᠯᠳᠤᠭᠠᠴᠢᠨ ᠡᠷᠦᠬᠡ ᠶᠢ ᠵᠢᠯᠣᠭᠤᠳᠴᠤ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢ | ᠠᠷᠢᠭᠤᠳᠬᠠᠨ᠎ᠠ᠃ ᠢᠳᠡᠭᠡᠨ ᠤᠮᠳᠠᠭᠠᠨ ᠤ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠯᠢ ᡁᠢ | ᠲᠠᠨᠢᠯᠴᠠᠭᠤᠯᠬᠤ ᠳᠠᠭᠠᠨ᠂ 2 ᠰᠠᠷ᠎ᠠ ᠶᠢᠨ 16 ᠤ ᠡᠳᠦᠷ ᠠᠴᠠ ᠡᠬᠢᠯᠡᠨ᠂ ᠢᠳᠡᠭᠡᠨ ᠡᠳ᠋ᠰᠢᠭᠦᠯᠬᠦ ᠬᠦᠷᠢᠶᠡᠯᠡᠩ ᠤᠨ | 33 ᠬᠤᠳᠠᠯᠳᠤᠭᠠᠴᠢᠨ ᠵᠠᠯᠭᠠᠭ᠎ᠠ ᠪᠠᠷ ᠠᠵᠢᠯ ᠢᠶᠠᠨ ᠰᠡᠷᠭᠦᠭᠡᠵᠦ᠂ 3 ᠰᠠᠷ᠎ᠠ ᠶᠢᠨ 18 ᠤ ᠡᠳᠦᠷ ᠨᠢᠭᠡᠨᠲᠡ 28 | ᠡᠷᠦᠬᠡ ᠠᠵᠢᠯ ᠢᠶᠠᠨ ᠰᠡᠷᠭᠦᠭᠡᠪᠡ᠃ ᠥᠨᠥᠳᠦᠷ᠂ ᠪᠣᠯᠪᠠᠰᠤᠷᠠᠭᠤᠯᠬᠤ ᠬᠦᠷᠢᠶᠡᠯᠡᠩ ᠳᠣᠲᠣᠷ᠎ᠠ ᠶᠠᠭ ᠰᠡᠮᠡᠭᠡᠷ ᠬᠥᠷ | ᠬᠥᠭᠵᠢᠶᠡᠨ ᠲᠠᠢ ᠪᠣᠯᠵᠤ ᠪᠠᠶᠢᠨ᠎ᠠ᠃ | ᠸᠧᠶ ᠪᠠᠩ ᠵᠠᠬ᠎ᠠ ᠳᠡᠯᠭᠡᠭᠦᠷ 2 ᠰᠠᠷ᠎ᠠ ᠶᠢᠨ 24 ᠤ ᠡᠳᠦᠷ ᠠᠴᠠ ᠡᠬᠢᠯᠡᠨ ᠡᠵᠡᠩᠨᠡᠯᠲᠡ ᠳᠤ ᠵᠡᠭᠦᠨ | ᠡᠭᠦᠳᠡ ᠪᠠᠷ ᠣᠷᠣᠵᠤ᠂ ᠬᠤᠶᠢᠲᠤ ᠡᠭᠦᠳᠡ ᠪᠠᠷ ᠭᠠᠷᠤᠨ᠎ᠠ ᠭᠡᠵᠦ ᠲᠣᠳᠣᠷᠬᠠᠶ ᠲᠣᠭᠲᠠᠭᠠᠵᠠᠶ᠃ ᠵᠡᠭᠦᠨ ᠡᠭᠦᠳᠡᠨ ᠤ | ᠡᠭᠦᠳᠡᠨ ᠳᠡᠭᠡᠷ᠎ᠡ᠂ ᠵᠠᠬ᠎ᠠ ᠳᠡᠯᠭᠡᠭᠦᠷ ᠲᠤ ᠣᠷᠣᠬᠤ ᠶᠢ ᠬᠦᠯᠢᠶᠡᠵᠦ ᠪᠠᠶᠢᠭ᠎ᠠ ᠬᠤᠲᠠ ᠶᠢᠨ ᠠᠷᠠᠳ ᠤᠷᠲᠤ ᠮᠥᠷᠯᠡᠨ | ᠵᠢᠭᠰᠠᠵᠤ᠂ ᠪᠡᠶ᠎ᠡ ᠶᠢᠨ ᠳᠤᠯᠠᠭᠠᠨ ᠢ ᠬᠡᠮᠵᠢᠵᠦ᠂ ᠨᠡᠪᠲᠡᠷᠡᠬᠦ ᠦᠨᠡᠮᠯᠡᠯ ᠢ ᠪᠠᠶᠢᠴᠠᠭᠠᠨ ᠦᠵᠡᠭᠰᠡᠨ ᠤ ᠳᠠᠷᠠᠭ᠎ᠠ ᠡᠮᠬᠢ | ᠵᠢᠷᠤᠮ ᠲᠠᠢ ᠪᠠᠷ ᠣᠷᠣᠪᠠ᠃ ᠵᠠᠬ᠎ᠠ ᠳᠡᠯᠭᠡᠭᠦᠷ ᠲᠤ᠂ ᠲᠦᠭᠦᠬᠡᠶ ᠮᠢᠬ᠎ᠠ᠂ ᠪᠤᠯᠭᠤᠭᠰᠠᠨ ᠢᠳᠡᠭᠡᠨ᠂ ᠵᠢᠮᠢᠰ ᠨᠣᠭᠤᠭ᠎ᠠ | ᠵᠡᠷᠭᠡ ᠶᠢ ᠴᠢᠩᠭ᠎ᠠ ᠲᠥᠷᠥᠯ ᠬᠤᠪᠢᠶᠠᠨ ᠡᠵᠡᠩᠨᠡᠨ᠎ᠡ᠃ ᠲᠡᠭᠦᠨ ᠤ ᠳᠣᠲᠣᠷ᠎ᠠ ᠪᠤᠯᠭᠤᠭᠰᠠᠨ ᠣᠷᠣᠨ ᠳᠤ ᠪᠤᠯᠭᠤᠭᠰᠠᠨ | ᠮᠢᠬ᠎ᠠ ᠨᠢ ᠪᠦᠷ ᠰᠢᠯ ᠪᠦᠷᠬᠦᠪᠴᠢ ᠳᠤ ᠪᠦᠷᠬᠦᠭᠳᠡᠵᠦ᠂ ᠮᠠᠨᠲᠠᠤ ᠳ᠋ᠧᠦᠹᠦ᠋ ᠶᠢᠨ ᠨᠤᠨᠲᠠᠭ ᠢ ᠰᠢᠯ ᠤᠨ ᠶᠡᠭᠡ ᠣᠷᠣᠨ | ᠵᠠᠶ ᠳᠤ ᠬᠤᠳᠠᠯᠳᠤᠨ᠎ᠠ᠃ ᠰᠢᠯ ᠤᠨ ᠣᠷᠣᠨ ᠵᠠᠢ ᠶᠢ ᠨᠠᠷᠢᠨ ᠠᠵᠢᠭᠯᠠᠪᠠᠯ᠂ ᠵᠣᠴᠢᠳ ᠤᠨ ᠲᠡᠭᠰᠢ ᠬᠠᠷᠠᠬᠤ | ᠬᠡᠪᠴᠢᠶ᠎ᠡ ᠨᠢ ᠪᠦᠷ ᠰᠢᠯ ᠪᠠᠶᠢᠵᠤ᠂ ᠲᠣᠯᠣᠭᠠᠢ ᠶᠢᠨ ᠣᠷᠣᠢ ᠨᠢ ᠰᠢᠷᠬᠡᠭ ᠢᠶᠠᠷ ᠰᠢᠯ ᠢ ᠣᠷᠣᠯᠠᠭᠤᠯᠵᠤ᠂ ᠠᠭᠠᠷ | ᠨᠡᠪᠲᠡᠷᠡᠬᠦ ᠦᠢᠯᠡᠳᠦᠯ ᠦᠵᠡᠭᠦᠯᠳᠡᠭ᠃ ᠡᠨᠡ ᠪᠢᠲᠡᠭᠦᠮᠵᠢᠲᠦ ᠬᠡᠯᠪᠡᠷᠢ ᠶᠢᠨ ᠴᠡᠪᠡᠷ ᠠᠷᠢᠭᠤᠨ ᠴᠡᠪᠡᠷ ᠢᠯᠠᠭ᠎ᠠ | ᠪᠠᠲᠠᠭᠠᠨ᠎ᠠ ᠶᠢ ᠰᠡᠷᠭᠡᠶᠢᠯᠡᠨ᠎ᠡ᠃ | ︽ᠲᠦᠷᠦᠯ ᠵᠦᠢᠯ ᠢᠶᠠᠷ ᠨᠢ ᠣᠷᠣᠨ ᠪᠦᠰᠡ ᠶᠢᠨ ᠡᠵᠡᠩᠨᠡᠯᠲᠡ ᠶᠢ ᠬᠤᠪᠢᠶᠠᠷᠢᠯᠠᠭᠰᠠᠨ ᠤ ᠳᠡᠭᠡᠷ᠎ᠡ | ᠪᠢᠲᠡᠭᠦᠮᠵᠢᠯᠡᠬᠦ ᠮᠠᠶ᠋ᠢᠭ ᠤᠨ ᠬᠠᠮᠢᠶᠠᠷᠤᠯᠲᠠ ᠶᠢ ᠨᠡᠮᠡᠪᠡᠯ᠂ ᠡᠳᠡᠭᠡᠷ ᠨᠢ ᠴᠥᠮ ᠵᠠᠬ᠎ᠠ ᠳᠡᠯᠭᠡᠭᠦᠷ ᠲᠠᠬᠢ ᠡᠷᠡᠭᠦᠯ | ᠬᠠᠮᠠᠭᠠᠯᠠᠯ ᠤᠨ ᠣᠷᠴᠢᠨ ᠨᠥᠬᠦᠴᠡᠯ ᠢ ᠲᠦᠢᠯ ᠤᠨ ᠶᠡᠭᠡ ᠪᠠᠷ ᠰᠠᠶᠢᠵᠢᠷᠠᠭᠤᠯᠪᠠ᠃ ᠸᠧᠶ ᠪᠠᠩ ᠵᠠᠬ᠎ᠠ ᠳᠡᠯᠭᠡᠭᠦᠷ ᠤᠨ | ᠠᠳᠠᠯ ᠠᠬᠤᠶ ᠶᠢᠨ ᠳᠠᠭᠠᠭᠠᠮᠠᠯ ᠵᠠᠩ ᠶᠠ ᠮᠧᠶ ᠶᠢᠨ ᠲᠠᠨᠢᠯᠴᠠᠭᠤᠯᠤᠭᠰᠠᠨ ᠢᠶᠠᠷ᠂ ︽ᠠᠵᠢᠯ ᠢᠶᠠᠨ ᠰᠡᠷᠭᠦᠭᠡᠬᠦ ᠠᠴᠠ | ᠡᠮᠦᠨ᠎ᠡ᠂ ᠳᠡᠯᠭᠡᠭᠦᠷ ᠨᠢᠭᠡᠪᠦᠷᠢ ᠶᠢ ᠴᠥᠮ ᠲᠦᠢᠯᠪᠤᠷᠢᠲᠠᠶ ᠴᠡᠪᠡᠷᠯᠡᠵᠦ᠂ ᠤᠰᠠᠳᠬᠠᠬᠤ ᠬᠡᠷᠡᠭᠲᠡᠶ᠃ ᠰᠢᠯᠭᠠᠨ | ᠠᠪᠬᠤ ᠳᠤ ᠬᠢᠷᠢ ᠲᠡᠩᠴᠡᠪᠡᠯ ᠰᠠᠶ᠋ᠢ ᠠᠵᠢᠯ ᠢᠶᠠᠨ ᠡᠬᠢᠯᠡᠭᠦᠯᠵᠦ ᠪᠣᠯᠤᠨ᠎ᠠ︔ ᠡᠵᠡᠩᠨᠡᠯᠲᠡ ᠶᠢᠨ ᠳᠤᠮᠳᠠ᠂ ᠡᠳᠦᠷ | ᠪᠦᠷᠢ ᠡᠯ᠎ᠡ ᠬᠤᠳᠠᠯᠳᠤᠭᠠᠨ ᠤ ᠡᠷᠦᠬᠡ ᠡᠵᠡᠩᠨᠡᠬᠦ ᠠᠴᠠ ᠡᠮᠦᠨ᠎ᠡ ᠪᠡᠶ᠎ᠡ ᠶᠢᠨ ᠳᠤᠯᠠᠭᠠᠨ ᠤ ᠬᠡᠮᠵᠢᠯᠲᠡ ᠬᠢᠬᠦ᠂ | ᠲᠠᠯᠠᠪᠤᠷ ᠤᠨ ᠠᠷᠢᠭᠤᠳᠬᠠᠯ ᠬᠢᠬᠦ ᠳᠤ ᠪᠠᠰᠠ ᠲᠡᠮᠳᠡᠭᠯᠡᠯ ᠲᠠᠢ ᠪᠠᠶᠢᠬᠤ ᠬᠡᠷᠡᠭᠲᠡᠢ᠂ ᠲᠦᠭᠦᠬᠡᠶ ᠮᠢᠬ᠎ᠠ ᠣᠷᠣᠭᠤᠯᠬᠤ ᠨᠢ | ᠪᠦᠷ ᠴᠢᠨᠠᠷ ᠤᠨ ᠪᠠᠶᠢᠴᠠᠭᠠᠯᠲᠠ ᠪᠠ ᠬᠢᠵᠢᠭ ᠪᠠᠶᠢᠴᠠᠭᠠᠬᠤ ᠪᠢᠯᠧᠲ ᠲᠠᠢ ᠪᠠᠶᠢᠬᠤ ᠶᠢ ᠱᠠᠭᠠᠷᠳᠠᠨ᠎ᠠ | ᠸᠧᠢ ᠪᠠᠩ ᠵᠠᠬ᠎ᠠ ᠳᠡᠯᠭᠡᠭᠦᠷ ᠤᠨ ᠭᠠᠳᠠᠭᠤᠷ᠂ ᠣᠯᠠᠨ ᠬᠤᠭᠤᠯᠠᠨ ᠭᠡᠷ ᠠᠵᠢᠯ ᠢᠶᠠᠨ ᠰᠡᠷᠭᠦᠭᠡᠪᠡ᠃ ᠦᠳᠡ | ᠪᠣᠯᠬᠤ ᠳᠤ᠂ ᠵᠠᠷᠢᠮ ᠳᠡᠯᠭᠡᠭᠦᠷ ᠳᠣᠲᠣᠷ᠎ᠠ ᠬᠡᠰᠡᠭ ᠪᠣᠰᠬ᠎ᠠ ᠰᠠᠭᠤᠵᠤ ᠬᠤᠭᠤᠯᠠ ᠢᠳᠡᠬᠦ ᠪᠠᠷ ᠢᠷᠡᠭᠰᠡᠨ ᠵᠤᠴᠢᠳ | ᠰᠠᠭᠤᠵᠤ ᠪᠠᠶᠢᠯ᠎ᠠ᠃ ᠨᠢᠭᠡᠨ ᠬᠠᠯᠠᠭᠤᠨ ᠲᠣᠭᠤᠭᠠᠨ ᠤ ᠳᠡᠯᠭᠡᠭᠦᠷ ᠲᠤ ᠣᠷᠣᠵᠤ᠂ ᠳᠡᠯᠭᠡᠭᠦᠷ ᠢᠶᠠᠨ ᠴᠠᠪ ᠴᠡᠪᠡᠷᠬᠡᠨ | ᠴᠡᠪᠡᠷᠯᠡᠭᠡᠳ᠂ ᠬᠤᠳᠠᠯᠳᠣᠭᠠᠨ ᠤ ᠡᠵᠡᠨ ᠡᠬᠡᠨᠡᠷ ᠲᠠᠢ ᠪᠠᠨ ᠶᠠᠭ ᠢᠳᠡᠭᠡᠨ ᠤ ᠮᠠᠲ᠋ᠧᠷᠢᠶᠠᠯ ᠪᠡᠯᠡᠳᠬᠡᠵᠦ ᠪᠠᠶᠢᠨ᠎ᠠ᠃ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠢᠳᠡᠭᠡᠨ ᠤᠮᠳᠠᠭᠠᠨ ᠤ ᠬᠢᠨᠠᠯᠲᠠ ᠲᠠᠯᠪᠢᠬᠤ | ᠭᠠᠵᠠᠷ ᠤᠨ ᠳᠡᠳ᠋ ᠳᠠᠷᠤᠭ᠎ᠠ ᠭᠤᠤ ᠵᠥᠩ ᠪᠢᠶᠣᠣ ᠳᠡᠯᠭᠡᠭᠦᠷ ᠲᠤ ᠣᠷᠣᠵᠤ ᠪᠠᠶᠢᠴᠠᠭᠠᠪᠠ᠃ ᠲᠡᠷᠡ ᠬᠤᠭᠤᠯᠠᠨ | ᠭᠡᠷ ᠤᠨ ᠠᠵᠢᠯ ᠢ ᠰᠡᠷᠭᠦᠭᠡᠬᠦ ᠳᠤ ᠠᠷᠢᠭᠤᠨ ᠴᠡᠪᠡᠷ ᠤᠨ ᠪᠣᠭᠤᠮᠲᠠ ᠶᠢ ᠥᠩᠭᠡᠷᠡᠬᠦ ᠴᠢᠬᠤᠯᠠᠲᠠᠢ ᠭᠡᠵᠦ | ᠲᠠᠨᠢᠯᠴᠠᠭᠤᠯᠵᠤ᠂ ᠲᠣᠭᠤᠭᠠᠨ ᠭᠡᠷ᠂ ᠶᠡᠭᠡ ᠲᠢᠩᠬᠢᠮ ᠢ ᠲᠦᠢᠯᠪᠤᠷᠢᠲᠠᠢ ᠴᠡᠪᠡᠷᠯᠡᠨ ᠠᠷᠢᠭᠤᠳᠬᠠᠵᠤ᠂ ᠪᠠᠰᠠ ᠭᠠᠵᠠᠷ | ᠳᠡᠭᠡᠷᠡᠬᠢ᠂ ᠡᠭᠦᠳᠡᠨ ᠪᠠᠷᠢᠭᠤᠯ᠂ ᠵᠣᠭᠤᠰ ᠬᠤᠷᠢᠶᠠᠬᠤ ᠭᠠᠵᠠᠷ ᠵᠡᠷᠭᠡ ᠭᠠᠵᠠᠷ ᠢ ᠡᠳᠦᠷ ᠪᠦᠷᠢ ᠠᠳᠠᠭ ᠲᠠᠭᠠᠨ | ᠬᠤᠶᠠᠷ ᠤᠳᠠᠭ᠎ᠠ ᠠᠷᠢᠭᠤᠳᠬᠠᠬᠤ ᠶᠢᠨ ᠬᠠᠮᠲᠤ ᠠᠷᠢᠭᠤᠳᠬᠠᠭᠰᠠᠨ ᠲᠡᠮᠳᠡᠭᠯᠡᠯ ᠢ ᠰᠠᠶᠢᠲᠤᠷ ᠬᠢᠬᠦ ᠬᠡᠷᠡᠭᠲᠡᠶ︔ | ᠬᠤᠭᠤᠯᠠᠨ ᠬᠡᠷ ᠨᠢ ᠤᠳᠠ ᠲᠣᠭᠤᠷᠢᠭ ᠤᠨ ᠢᠳᠡᠭᠡᠨ ᠤᠮᠳᠠᠭᠠᠨ ᠤ ᠦᠢᠯᠡᠰ ᠤᠨ ᠦᠢᠯᠡᠴᠢᠯᠡᠭᠡᠨ ᠤ ᠦᠢᠯᠡᠰ ᠤᠨ | ᠲᠦᠷᠢᠮ ᠲᠣᠭᠲᠠᠭᠠᠯ ᠳᠤ ᠨᠡᠶᠢᠴᠡᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠡᠷᠬᠡᠪᠰᠢ ᠪᠣᠳᠠᠲᠠᠶᠢᠵᠢᠭᠤᠯᠵᠤ᠂ | ᠵᠣᠴᠢᠨ ᠨᠢᠭᠡᠪᠦᠷᠢ ᠵᠢᠴᠢ ᠳᠣᠲᠣᠭᠠᠳᠤ ᠶᠢᠨ ᠠᠵᠢᠯᠲᠠᠨ ᠨᠢᠭᠡᠪᠦᠷᠢ ᠶᠢ ᠴᠥᠮ ᠳᠤᠯᠠᠭᠠᠨ ᠢ ᠬᠡᠮᠵᠢᠵᠦ᠂ ᠳᠡᠩᠰᠡᠯᠡᠨ | ᠲᠡᠮᠳᠡᠭᠯᠡᠬᠦ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠬᠠᠮᠲᠤ᠂ ᠲᠠᠩᠬᠢᠮ ᠳᠤ ᠬᠤᠭᠤᠯᠠᠯᠠᠬᠤ ᠵᠣᠴᠢᠳ ᠬᠤᠭᠤᠯᠠᠨ | ᠭᠡᠷ ᠤᠨ ᠪᠠᠭᠲᠠᠭᠠᠮᠵᠢ ᠶᠢᠨ 50% ᠠᠴᠠ ᠬᠡᠲᠦᠷᠡᠵᠦ ᠪᠣᠯᠬᠤ ᠥᠬᠡᠶ᠃ |