ᠤᠳᠠ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠨᠠᠮ ᠤᠨ ᠡᠭᠦᠷ ᠬᠠᠮᠲᠤᠷᠠᠭᠰᠠᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020-03-26
       3 ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠤᠳᠠ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠨᠠᠮ ᠤᠨ ᠡᠭᠦᠷ ᠬᠤᠯᠪᠤᠭᠠᠯᠠᠨ ᠲᠠᠭᠠᠴᠢᠯᠠᠬᠤ ᠨᠢᠭᠡᠴᠢ ᠤᠳᠠ ᠲᠣᠭᠤᠷᠢᠭ ᠤᠨ ᠴᠠᠩ ᠳ᠋ᠠ ᠵᠢᠶᠠ ᠶᠤᠸᠠᠨ ᠨᠡᠶᠢᠭᠡᠮ ᠲᠣᠭᠤᠷᠢᠭ ᠲᠤ ᠬᠦᠷᠴᠦ ᠬᠡᠷ ᠤᠨ ᠭᠠᠳᠠᠨᠠᠬᠢ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠠᠵᠢᠯᠯᠠᠭ᠎ᠠ ᠨᠢ ᠢ ᠮᠢᠨ ᠵᠢᠶᠠ ᠶᠤᠸᠠᠨ ᠵᠢᠵᠢᠭ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠵᠢᠭᠦᠷᠯᠡᠬᠦ ᠴᠡᠭ ᠲᠤ ᠶᠠᠪᠤᠭᠳᠠᠵᠤ᠂ ᠤᠳᠠ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ᠂ ᠴᠠᠩ ᠳ᠋ᠠ ᠵᠢᠶᠠ ᠶᠤᠸᠠᠨ ᠨᠡᠶᠢᠭᠡᠮ ᠲᠣᠭᠤᠷᠢᠭ᠂ ᠢ ᠮᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠷ ᠴᠠᠭ ᠤᠨ ᠨᠠᠮ ᠤᠨ ᠡᠭᠦᠷ ᠤᠨ 20 ᠭᠠᠷᠤᠶ ᠨᠠᠮ ᠤᠨ ᠭᠡᠰᠢᠭᠦᠨ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠪᠠ᠃
 
       ᠠᠵᠢᠯᠯᠠᠭ᠎ᠠ ᠶᠢ ᠮᠠᠨ ᠤ ᠬᠤᠷᠢᠶᠠᠨ ᠤ ᠨᠠᠮ ᠤᠨ ᠡᠭᠦᠷ ᠤᠨ ᠭᠡᠰᠢᠭᠦᠨ ᠯᠢᠦ ᠰᠢᠶᠠᠨ ᠨᠠ ᠨᠥᠬᠦᠷ ᠡᠷᠬᠢᠯᠡᠵᠤ ᠂ ᠤᠯᠤᠰ ᠤᠨ ᠰᠦᠯᠳᠡ ᠳᠠᠭᠤᠤ ᠶᠢ ᠬᠥᠭᠵᠢᠮᠳᠡᠨ ᠳᠠᠭᠤᠯᠠᠵᠤ᠂ ᠨᠠᠮ ᠳᠤ ᠣᠷᠣᠬᠤ ᠲᠠᠩᠭᠠᠷᠢᠭ ᠤᠨ ᠦᠭᠡ ᠶᠢ ᠲᠠᠬᠢᠨ ᠡᠷᠬᠢᠴᠡᠭᠦᠯᠵᠦ᠂ ᠨᠠᠮ ᠤᠨ ᠲᠦᠷᠢᠮ ᠨᠠᠮ ᠤᠨ ᠲᠣᠭᠲᠠᠭᠠᠯ ᠢ ᠤᠩᠰᠢᠭᠰᠠᠨ ᠤ ᠬᠠᠮᠲᠤ ᠪᠠᠰᠠ ︽ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠳᠡᠭᠡᠷᠡᠬᠢ ᠶᠠᠷᠢᠶ᠎ᠠ︾ ᠶᠢᠨ ᠵᠣᠷᠢᠭ ᠰᠠᠨᠠᠭ᠎ᠠ ᠶᠢ ᠰᠤᠷᠤᠯᠴᠠᠪᠠ᠃
       ᠭᠤᠣᠯ ᠰᠡᠳᠦᠪᠲᠦ ᠨᠠᠮ ᠤᠨ ᠡᠳᠦᠷ ᠤᠨ ᠲᠣᠭᠲᠠᠭᠰᠠᠨ ᠬᠥᠳᠡᠯᠭᠡᠭᠡᠨ ᠳᠠᠭᠤᠰᠤᠭᠰᠠᠨ ᠤ ᠳᠠᠷᠠᠭ᠎ᠠ᠂ ᠮᠠᠨ ᠤ ᠬᠤᠷᠢᠶᠠᠨ ᠤ ᠨᠠᠮ ᠤᠨ ᠭᠡᠰᠢᠭᠦᠨ ᠪᠣᠯᠤᠨ ᠨᠡᠶᠢᠭᠡᠮ ᠲᠣᠭᠤᠷᠢᠭ ᠤᠨ ᠠᠵᠢᠯᠲᠠᠳ ᠢ ᠮᠢᠨ ᠵᠢᠶᠠ ᠶᠤᠸᠠᠨ ᠪᠠᠭ᠎ᠠ ᠲᠣᠭᠤᠷᠢᠭ ᠤᠨ ᠭᠠᠳᠠᠭᠰᠢ ᠬᠦᠷᠴᠦ᠂ ᠵᠢᠵᠢᠭ ᠲᠣᠭᠤᠷᠢᠭ ᠤᠨ ᠪᠠᠷᠠᠭᠤᠨ ᠬᠡᠷᠡᠮ ᠪᠣᠯᠤᠨ ᠬᠤᠶᠢᠲᠤ ᠬᠡᠷᠡᠮ ᠤᠨ ᠭᠠᠳᠠᠨᠠᠬᠢ ᠬᠠᠮᠢᠶᠠᠷᠬᠤ ᠬᠦᠮᠦᠨ ᠦᠭᠡᠢ ᠬᠤᠭ ᠨᠣᠪᠰᠢ ᠪᠣᠯᠤᠨ ᠠᠮᠢᠳᠤᠷᠠᠯ ᠤᠨ ᠬᠤᠭ ᠨᠣᠪᠰᠢ ᠶᠢ ᠲᠥᠪᠯᠡᠷᠡᠭᠦᠯᠦᠨ ᠴᠡᠪᠡᠷᠯᠡᠵᠦ᠂ ᠵᠢᠵᠢᠭ ᠲᠤᠭᠤᠷᠢᠭ ᠤᠨ ᠰᠠᠭᠤᠭᠠᠯᠢ ᠠᠷᠠᠳ ᠲᠤ ᠠᠷᠢᠭᠤᠨ ᠴᠡᠪᠡᠷ᠂ ᠴᠡᠪᠡᠷ ᠲᠡᠭᠰᠢ᠂ ᠲᠠᠭᠠᠯᠠᠮᠵᠢᠲᠠᠢ ᠣᠷᠣᠨ ᠰᠠᠭᠤᠴᠠ ᠶᠢᠨ ᠣᠷᠴᠢᠨ ᠲᠣᠭᠤᠷᠢᠨ ᠢ ᠪᠤᠢ ᠪᠣᠯᠭᠠᠵᠤ ᠥᠭᠴᠡᠢ᠃
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号