ᠤᠳᠠ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠣᠯᠣᠳᠤᠭᠠᠷ ᠬᠤᠷᠠᠯᠳᠤᠭᠠᠨ
ᠨᠡᠶᠢᠲᠡᠯᠡᠭᠰᠡᠨ ᠴᠠᠭ᠄
2020-04-14
       4 ᠰᠠᠷ᠎ᠠ ᠶᠢᠨ 9 ᠤ ᠡᠳᠦᠷ᠂ ᠤᠳᠠ ᠲᠣᠭᠤᠷᠢᠭ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠣᠯᠣᠳᠤᠭᠠᠷ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠽᠢ ᠯᠢᠨ ᠨᠠᠶᠢᠳᠠᠯᠭ᠎ᠠ ᠪᠠᠷ᠂ ᠳᠡᠳ᠋ ᠡᠷᠬᠢᠯᠡᠭᠴᠢ ᠨᠢᠤ ᠢᠦᠶ ᠯᠦ ᠬᠤᠷᠠᠯ ᠢ ᠡᠷᠭᠢᠯᠡᠵᠦ ᠂ ᠳᠡᠳ᠋ ᠡᠷᠬᠢᠯᠡᠭᠴᠢ ᠵᠠᠩ ᠸᠧᠨ ᠬᠤᠸᠠ᠂ ᠭᠦᠸᠧ ᠵᠢᠶᠠᠨ ᠶᠢᠩ᠂ ᠵᠢᠶᠠ ᡁᠢ ᠭᠦᠸᠧ ᠵᠢᠴᠢ ᠪᠠᠶᠢᠩᠭᠤ ᠶᠢᠨ ᠬᠤᠷᠢᠶᠠᠨ ᠤ ᠬᠡᠰᠢᠭᠦᠨ 26 ᠬᠥᠮᠦᠨ ᠬᠤᠷᠠᠯ ᠳᠤ ᠣᠷᠣᠯᠴᠠᠵᠠᠶ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠴᠧᠨ ᠸᠧᠨ ᠵᠦᠩ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ  ᠭᠤᠣ ᠲᠢᠶᠧ ᠨᠠᠡ᠂ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᠴᠧᠨ ᠵᠠᠨ ᠴᠢ᠂ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠲᠠᠩ ᠶᠦᠩ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠷᠧᠨ ᠶᠦᠩ ᠵᠡᠷᠭᠡ ᠬᠠᠮᠢᠶ᠎ᠠ ᠪᠦᠬᠦᠢ ᠬᠥᠮᠦᠰ ᠬᠤᠷᠠᠯ ᠳᠤ ᠰᠤᠯᠠ ᠣᠷᠣᠯᠴᠠᠪᠠ᠃
       ᠬᠤᠷᠠᠯ ᠠᠴᠠ ᠤᠳᠠ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ︵ᠨᠣᠤᠷᠠᠭ︶᠂ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠨᠣᠤᠷᠠᠭ︶᠂ ᠤᠳᠠ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠢᠯᠡᠳᠬᠡᠯ ︵ᠨᠣᠤᠷᠠᠭ︶᠂ ᠤᠳᠠ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠢᠯᠡᠳᠬᠡᠯ ︵ᠨᠣᠤᠷᠠᠭ︶ ᠢ ᠰᠣᠨᠣᠰᠴᠤ ᠬᠢᠨᠠᠨ ᠵᠥᠪᠯᠡᠪᠡ︔ ᠤᠳᠠ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠪᠢᠷᠠᠯᠲᠠ ᠶᠢᠨ ᠪᠠᠶᠢᠳᠠᠯ ᠪᠠ ᠨᠥᠬᠦᠵᠦ ᠰᠣᠩᠭᠤᠬᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠮᠡᠳᠡᠭᠦᠯᠦᠯᠲᠡ᠂ ᠤᠳᠠ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠬᠤᠯᠪᠣᠭᠳᠠᠯ ᠪᠦᠬᠦᠢ ᠤᠴᠢᠷ ᠶᠠᠪᠤᠳᠠᠯ ᠢ ᠪᠠᠲᠤᠯᠠᠪᠠ᠃
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号