ᠤᠳᠠ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠣᠭᠠᠨ ᠦᠪᠡᠳᠡᠭᠰᠢ ᠶᠡᠭᠡ ᠪᠠᠷ ᠡᠬᠢᠯᠡᠪᠡ
ᠨᠡᠶᠢᠲᠡᠯᠡᠭᠰᠡᠨ ᠴᠠᠭ᠄
2020-04-14
       ᠬᠠᠨ ᠯᠢ ᠫᠢᠩ᠂ ᠴᠧᠨ ᠸᠧᠨ ᠵᠦᠩ᠂ ᠷᠧᠨ ᠬᠠᠢ ᠬᠤᠷᠠᠯ ᠳᠤ ᠣᠷᠣᠯᠴᠠᠵᠠᠢ        ᠡᠤ ᠬᠤᠩ ᠱᠦᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ        ᠸᠠᠩ ᠽᠢ ᠯᠢᠨ ᠬᠤᠷᠠᠯ ᠡᠷᠬᠢᠯᠡᠪᠡ        4 ᠰᠠᠷ᠎ᠠ ᠶᠢᠨ 13 ᠤ ᠦᠳᠡ ᠶᠢᠨ ᠬᠤᠶᠢᠨ᠎ᠠ᠂ ᠤᠳᠠ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠵᠥᠪᠳᠡᠯᠴᠡᠭᠡᠨ ᠤ ᠲᠥᠪ ᠲᠤ ᠦᠪᠡᠳᠡᠭᠰᠢ ᠶᠡᠭᠡ ᠪᠠᠷ ᠡᠬᠢᠯᠡᠪᠡ᠃ ᠪᠦᠬᠦ ᠲᠤᠭᠤᠷᠢᠭ ᠤᠨ  ᠡᠯ᠎ᠡ ᠦᠨᠳᠦᠰᠦᠲᠡᠨ ᠤ ᠠᠷᠠᠳ ᠲᠦᠮᠡᠨ ᠤ ᠬᠦᠨᠳᠦ ᠨᠠᠶᠢᠳᠠᠯᠭ᠎ᠠ ᠪᠠ ᠬᠦᠰᠡᠯ ᠡᠷᠡᠮᠡᠯᠵᠡᠯ ᠢ ᠡᠭᠦᠷᠭᠡᠯᠡᠵᠦ᠂ ᠤᠳᠠ ᠲᠣᠭᠤᠷᠢᠭ ᠤᠨ ᠡᠯ᠎ᠡ ᠠᠵᠢᠯ ᠲᠦᠷᠦᠯ᠂ ᠡᠯ᠎ᠡ ᠹᠷᠣᠨᠲ ᠤᠨ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠦᠪᠡᠳᠡᠭᠰᠢ ᠶᠡᠭᠡ ᠬᠤᠷᠠᠯ ᠳᠤ ᠣᠷᠣᠯᠴᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠲᠠᠷᠬᠠᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠪᠡ᠃        ᠶᠡᠭᠡ ᠬᠤᠷᠠᠯ ᠤᠨ ᠭᠦᠢᠴᠡᠳᠭᠡᠬᠦ ᠲᠡᠷᠢᠭᠦᠯᠡᠭᠴᠢ ᠬᠠᠨ ᠯᠢ ᠫᠢᠩ᠂ ᠸᠠᠩ ᠽᠢ ᠯᠢᠨ᠂ ᠴᠧᠨ ᠸᠧᠨ ᠵᠥᠩ᠂ ᠵᠠᠩ ᠵᠧᠨ ᠭᠦᠸᠧ᠂ ᠦ᠋ ᠶᠦᠩ ᠱᠧᠩ᠂ ᠵᠣᠣ ᠸᠧᠨ ᠯᠢᠨ᠂ ᠯᠢ ᠸᠧᠨ ᠱᠠᠨ᠂ ᠳ᠋ᠦᠩ ᠱᠤ᠋ ᠾᠧᠩ᠂ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠡᠤ ᠬᠤᠩ ᠱᠦᠨ᠂ ᠴᠢᠶᠠᠨ ᠶᠦᠨ ᠭᠧ᠂ ᠨᠢᠤ ᠢᠦᠶ ᠯᠦ᠂ ᠵᠠᠩ ᠸᠧᠨ ᠬᠤᠸᠠ᠂ ᠭᠦᠸᠧ ᠵᠢᠶᠠᠨ ᠶᠢᠩ᠂ ᠵᠢᠶᠠ ᡁᠢ ᠭᠦᠸᠧ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃          ᠶᠡᠭᠡ ᠬᠤᠷᠠᠯ ᠢ ᠸᠠᠩ ᠽᠢ ᠯᠢᠨ ᠡᠷᠬᠢᠯᠡᠪᠡ᠃
       ᠤᠳᠠ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠳᠤ ᠣᠷᠣᠯᠴᠠᠬᠤ ᠶᠣᠰᠣᠲᠠᠶ ᠲᠥᠯᠥᠭᠡᠯᠡᠭᠴᠢ 138 ᠬᠥᠮᠦᠨ᠂ ᠲᠣᠰ ᠤᠳᠠᠭᠠᠨ ᠤ ᠪᠥᠬᠦᠳᠡ ᠬᠤᠷᠠᠯ ᠳᠤ ᠣᠷᠣᠯᠴᠠᠭᠰᠠᠨ ᠲᠥᠯᠥᠭᠡᠯᠡᠭᠴᠢ 133 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃        ᠦᠳᠡ ᠶᠢᠨ ᠬᠤᠶᠢᠨᠠᠬᠢ 15 ᠴᠠᠭ ᠲᠤ ᠸᠠᠩ ᠽᠢ ᠯᠢᠨ᠄ ᠤᠳᠠ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠡᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠣᠳᠠᠭᠠᠨ ᠤ ᠬᠤᠷᠠᠯᠳᠤᠭᠠᠨ ᠡᠬᠢᠯᠡᠭᠰᠡᠨ ᠢ ᠵᠠᠷᠯᠠᠪᠠ᠃ ᠬᠤᠷᠠᠯ ᠤᠨ ᠲᠠᠯᠠᠪᠠᠢ ᠳᠤ ᠪᠦᠭᠦᠳᠡᠭᠡᠷ ᠢᠶᠠᠨ ᠪᠣᠰᠴᠤ ᠵᠣᠭᠰᠣᠵᠤ᠂ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠵᠠᠭᠠᠪᠠ᠃
       ᠤᠳᠠ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠡᠤ ᠬᠤᠩ ᠱᠦᠨ ᠤᠳᠠ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠢ ᠲᠥᠯᠥᠭᠡᠯᠡᠨ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠃ ᠮᠡᠳᠡᠭᠦᠯᠦᠯᠲᠡ ᠶᠢ ᠨᠡᠶᠢᠲᠡ ᠬᠤᠶᠠᠷ ᠬᠡᠰᠡᠭ ᠲᠤ ᠬᠤᠪᠢᠶᠠᠪᠠ᠄ ᠨᠢᠭᠡ ᠳᠤ 2019 ᠣᠨ ᠤ ᠠᠵᠢᠯ ᠤᠨ ᠡᠷᠭᠢᠴᠡᠭᠦᠯᠦᠯ︔ ᠬᠤᠶᠠᠷ ᠲᠤ 2020 ᠣᠨ ᠤ ᠠᠵᠢᠯ ᠤᠨ ᠲᠣᠬᠢᠷᠠᠭᠤᠯᠤᠯᠲᠠ᠃
       ᠦ᠋ ᠬᠤᠩ ᠱᠦᠨ ᠬᠡᠯᠡᠭᠰᠡᠨ ᠨᠢ᠂ 2019 ᠣᠨ ᠳᠤ᠂ ᠲᠤᠭᠤᠷᠢᠭ ᠤᠨ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠬᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠤᠱᠯᠠᠭᠤᠯᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠡᠷᠡᠰ ᠭᠤᠶᠢᠪᠢᠰᠢ ᠥᠬᠡᠶ ᠲᠤᠭᠤᠰᠢᠯᠠᠭᠤᠯᠵᠦ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠦ᠂ ︽ᠳᠥᠷᠪᠡᠨ ᠪᠥᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠤᠬᠢᠴᠠᠭᠤᠯᠤᠨ ᠠᠬᠢᠭᠤᠯᠵᠤ᠂ ︽ᠲᠠᠪᠤᠨ ᠣᠷᠣᠨ ᠤ ᠪᠦᠳᠦᠭᠡᠨ ᠪᠠᠶᠢᠭᠤᠯᠤᠯᠲᠠ︾ ᠬᠥᠭᠵᠢᠯᠲᠡ ᠶᠢᠨ ᠰᠡᠳᠬᠢᠮᠵᠢ ᠲᠠᠢ ᠨᠢᠭᠲᠠ ᠤᠶᠠᠯᠳᠠᠭᠤᠯᠤᠨ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠣᠯᠤᠨ ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠤᠷ᠎ᠠ᠂ ᠤᠳᠠ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠠᠴᠠ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠪᠡ᠃        ᠦ᠋ ᠬᠤᠩ ᠱᠦᠨ ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠳᠥᠷᠪᠡᠨ ᠲᠠᠯ᠎ᠠ ᠪᠠᠷ ᠳ᠋ᠦᠩᠨᠡᠪᠡ᠄ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠵᠠᠩᠭᠢᠯᠠᠭ᠎ᠠ ᠶᠢᠨ ᠠᠬᠢᠴᠠ ᠲᠠᠢ ᠪᠣᠯᠪᠠ︔ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠪᠡ︔ ᠬᠤᠲᠠ ᠬᠥᠳᠡᠭᠡ ᠶᠢᠨ ᠪᠦᠬᠦᠯᠢ ᠴᠣᠭᠴᠠ ᠶᠢᠨ ᠳᠦᠷᠰᠦ ᠪᠠᠶᠢᠳᠠᠯ ᠶᠡᠬᠡᠪᠡᠷ ᠰᠠᠶᠢᠵᠢᠷᠠᠪᠠ︔ ᠣᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠲᠠᠰᠤᠷᠠᠯᠲᠠ ᠦᠭᠡᠢ ᠳᠡᠭᠡᠭᠰᠢᠯᠡᠪᠡ᠃        ᠡᠤ ᠬᠤᠩ ᠱᠦᠨ᠂ 2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠲᠡᠭᠦᠰᠬᠦ ᠵᠢᠯ ᠪᠣᠯᠤᠨ᠎ᠠ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠡᠷᠡᠰ ᠲᠤᠤᠱᠯᠠᠭᠤᠯᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠪᠠᠷ ᠬᠥᠳᠡᠯᠭᠡᠬᠦ ᠬᠦᠴᠦᠨ ᠪᠣᠯᠭᠠᠬᠤ ᠶᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ︽ᠲᠠᠪᠤᠨ ᠣᠷᠣᠨ︾ ᠤ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠳᠣᠭᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠂ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠦᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠢᠵᠢᠭ ᠤᠨ ᠪᠠᠶᠢᠳᠠᠯ ᠤᠨ ᠠᠵᠤ ᠠᠬᠤᠶ ᠶᠢᠨ ᠬᠥᠭᠵᠢᠯᠲᠡ ᠳᠤ ᠦᠵᠡᠭᠦᠯᠬᠦ ᠨᠥᠯᠥᠭᠡ ᠶᠢ ᠬᠠᠮᠤᠭ ᠤᠨ ᠳᠣᠤᠷ᠎ᠠ ᠬᠡᠮᠵᠢᠶᠠᠨ ᠳᠤ ᠬᠦᠷᠲᠡᠯ᠎ᠡ ᠪᠠᠭᠤᠷᠠᠭᠤᠯᠬᠤ ᠪᠠᠷ ᠴᠢᠷᠮᠠᠶᠢᠵᠤ᠂ ᠠᠵᠤ ᠠᠬᠤᠶ ᠶᠢᠨ ᠠᠵᠢᠯᠯᠠᠭᠠᠨ ᠢ ᠵᠦᠶ ᠵᠣᠬᠢᠰᠲᠠᠶ ᠣᠷᠣᠨ ᠵᠠᠶ ᠳᠤ ᠪᠠᠶᠢᠯᠭᠠᠬᠤ ᠶᠢ ᠪᠠᠲᠤᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠳᠦᠭᠡᠬᠦ ᠪᠠ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠲᠡᠭᠦᠰ ᠠᠮᠵᠢᠯᠲᠠ ᠲᠠᠢ ᠲᠡᠭᠦᠰᠬᠦ ᠶᠢ ᠦᠨᠡᠨ ᠬᠦ ᠪᠠᠲᠤᠯᠠᠵᠤ᠂ ᠠᠷᠠᠳ ᠲᠦᠮᠡᠨ ᠳᠤ ᠮᠡᠳᠡᠷᠡᠭᠳᠡᠵᠦ᠂ ᠲᠡᠤᠬᠡ ᠶᠢᠨ ᠰᠢᠯᠭᠠᠯᠲᠠ ᠶᠢ ᠳᠠᠭᠠᠭᠠᠵᠤ ᠴᠢᠳᠠᠬᠤ ᠪᠣᠯᠭᠠᠨ᠎ᠠ᠃        ᠦ᠋ ᠬᠤᠩ ᠱᠦᠨ ᠮᠡᠳᠡᠭᠦᠯᠦᠯᠲᠡ ᠳᠡᠭᠡᠨ ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 7% ᠪᠠᠷ ᠨᠡᠮᠡᠭᠳᠡᠵᠦ᠂ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 7% ᠪᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 5% ᠪᠠᠷ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 8% ᠪᠠᠷ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ 4% ᠪᠠᠷ ᠨᠡᠮᠡᠭᠳᠡᠵᠦ᠂ ᠬᠤᠲᠠ ᠪᠠᠯᠭᠠᠰᠦᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 6% ᠪᠠᠷ ᠨᠡᠮᠡᠭᠳᠡᠪᠡ ᠭᠡᠵᠦ ᠳᠤᠷᠠᠳᠤᠨ ᠭᠠᠷᠭᠠᠵᠠᠶ᠃ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠳᠤ ᠥᠪᠡᠷᠲᠡᠭᠡᠨ ᠵᠠᠰᠠᠬᠤ ᠣᠷᠣᠨ ᠤ ᠬᠢᠵᠠᠭᠠᠷᠯᠠᠬᠤ ᠴᠢᠨᠠᠷᠲᠠᠶ ᠬᠢᠵᠠᠭᠠᠷᠯᠠᠬᠤ ᠭᠦᠢᠴᠡᠳᠭᠡᠬᠦ ᠲᠤᠭ᠎ᠠ ᠶᠢ ᠪᠡᠶᠡᠯᠡᠭᠦᠯᠵᠦ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠵᠢᠭᠠᠯᠲᠠ ᠲᠤᠭ᠎ᠠ ᠶᠢ ᠡᠵᠡᠮᠳᠡᠵᠦ ᠪᠣᠯᠬᠤ ᠬᠡᠪᠴᠢᠶᠡᠨ ᠳᠣᠲᠣᠷ᠎ᠠ ᠪᠠᠶᠢᠯᠭᠠᠵᠤ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢᠨ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠬᠠᠷᠠᠯᠲᠠ ᠶᠢᠨ ᠳᠣᠲᠣᠷ᠎ᠠ ᠬᠢᠵᠠᠭᠠᠷᠯᠠᠨ᠎ᠠ᠃        ᠡᠤ ᠬᠤᠩ ᠱᠦᠨ᠂ 2020 ᠣᠨ ᠳᠤ ᠵᠢᠷᠭᠤᠭᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠠᠢ᠄ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠶ︔ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠷᠭᠡᠳᠬᠡᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ︔ ᠣᠷᠣᠰᠢᠨ ᠰᠠᠭᠤᠬᠤ ᠳᠤ ᠲᠣᠬᠢᠷᠠᠮᠵᠢᠲᠠᠶ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠴᠢᠬᠤᠯᠠᠴᠢᠯᠠᠵᠤ᠂ ᠬᠤᠳᠠ ᠶᠢᠨ ᠪᠦᠳᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ︔ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠴᠢᠳᠠᠪᠤᠷᠢ ᠪᠠᠨ ᠴᠢᠩᠭᠠᠳᠬᠠᠬᠤ ᠬᠡᠷᠡᠭᠲᠡᠢ︔ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ︽ᠬᠠᠮᠲᠤᠪᠠᠷ ᠪᠠᠶᠢᠭᠤᠯᠵᠦ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ︾ ᠰᠢᠨ᠎ᠡ ᠪᠠᠶᠢᠷᠢᠰᠢᠯ ᠢ ᠪᠤᠢ ᠪᠣᠯᠭᠠᠨ᠎ᠠ︔ ᠲᠣᠰ ᠪᠡᠶ᠎ᠡ ᠶᠢᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ᠠᠷᠠᠳ ᠣᠯᠠᠨ ᠤ ᠰᠡᠳᠬᠢᠯ ᠬᠠᠨᠤᠮᠵᠢᠲᠠᠶ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠬᠤ ᠬᠡᠷᠡᠭᠲᠡᠶ᠃        ᠡᠤ ᠬᠤᠩ ᠱᠦᠨ ᠬᠡᠯᠡᠭᠰᠡᠨ ᠨᠢ᠂ ᠴᠠᠭ ᠦᠶ᠎ᠡ ᠠᠴᠠ ᠬᠦᠨᠳᠦ ᠡᠭᠦᠷᠭᠡ ᠳᠠᠭᠠᠭᠠᠯᠭᠠᠵᠤ᠂ ᠡᠷᠡᠯᠬᠡᠭᠯᠡᠨ ᠲᠡᠮᠡᠴᠡᠵᠦ ᠭᠡᠷᠡᠯ ᠰᠠᠴᠤᠷᠠᠩᠭᠤᠶ ᠦᠢᠯᠡᠰ ᠢ ᠴᠣᠭᠴᠠᠯᠠᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶ᠎ᠡ᠂ ᠬᠤᠳᠠ ᠶᠢᠨ ᠵᠠᠰᠠᠭ ᠤᠨ ᠣᠷᠳᠣᠨ ᠪᠣᠯᠤᠨ ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠭᠦᠷᠢᠳᠡ ᠴᠠᠯᠠᠭᠠᠶᠢᠷᠠᠬᠤ ᠦᠭᠡᠢ ᠤᠶᠤᠨ ᠰᠠᠨᠠᠭᠠᠨ ᠤ ᠪᠠᠶᠢᠳᠠᠯ ᠪᠣᠯᠤᠨ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠳᠦᠷᠰᠦ ᠪᠠᠶᠢᠳᠠᠯ ᠢᠶᠠᠷ ᠥᠷᠯᠥᠭᠡ ᠦᠳᠡᠰᠢ ᠶᠢ ᠲᠡᠮᠡᠴᠡᠵᠦ᠂ ᠵᠠᠯᠠᠭᠤ ᠨᠠᠰᠤ ᠪᠠᠨ ᠬᠥᠰᠡᠷᠳᠡᠭᠦᠯᠬᠦ ᠦᠭᠡᠢ ᠪᠠᠷ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠪᠤᠢ ᠪᠣᠯᠭᠠᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕        ᠬᠤᠷᠠᠯ ᠤᠨ ᠵᠥᠪᠯᠡᠬᠦ ᠵᠦᠢᠯ ᠢ ᠦᠨᠳᠦᠰᠦᠯᠡᠨ᠂ ᠶᠡᠭᠡ ᠬᠤᠷᠠᠯ ᠠᠴᠠ ᠪᠠᠰᠠ ︽ᠤᠳᠠ ᠲᠣᠭᠤᠷᠢᠭ ᠤᠨ 2019 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ  ᠭᠦᠢᠴᠡᠳᠬᠡᠭᠰᠡᠨ ᠪᠠᠶᠢᠳᠠᠯ ᠬᠢᠭᠡᠳ 2020 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ︵ᠲᠥᠰᠦᠯ︶ ᠶᠢᠨ ᠲᠤᠬᠠᠶ ᠮᠡᠳᠡᠭᠦᠯᠦᠯᠲᠡ︾ ᠶᠢ ᠬᠢᠨᠠᠨ ᠪᠠᠶᠢᠴᠠᠭᠠᠪᠠ︔ ︽ᠤᠳᠠ ᠲᠣᠭᠤᠷᠢᠭ ᠤᠨ 2019 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠠ 2020 ᠣᠨ ᠤ ᠡᠳ᠋ ᠤᠨ ᠵᠠᠰᠠᠭ ᠤᠨ ᠲᠥᠰᠦᠪ ︵ᠲᠥᠰᠦᠯ︶ ᠤᠨ ᠲᠤᠬᠠᠶ ᠮᠡᠳᠡᠭᠦᠯᠦᠯᠲᠡ︾ ᠶᠢ ᠬᠢᠨᠠᠨ ᠪᠠᠶᠢᠴᠠᠭᠠᠪᠠ᠃    ᠬᠠᠤᠯᠢ ᠪᠠᠷ ᠲᠣᠭᠲᠠᠭᠠᠭᠰᠠᠨ ᠰᠤᠯᠠ ᠣᠷᠣᠯᠴᠠᠭᠰᠠᠳ ᠪᠠ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠣᠯᠣᠳᠤᠭᠠᠷ ᠬᠤᠷᠠᠯᠳᠤᠭᠠᠨ ᠠᠴᠠ ᠲᠤᠭᠳᠠᠭᠠᠭᠰᠠᠨ ᠰᠤᠯᠠ ᠣᠷᠣᠯᠴᠠᠭᠰᠠᠳ ᠢ ᠭᠠᠷᠭᠠᠪᠠᠯ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠡᠰᠡᠭ ᠤᠤᠯ ᠤᠨ ᠤᠳᠤᠷᠢᠳᠤᠯᠭ᠎ᠠ ᠤᠷᠢᠯᠭ᠎ᠠ ᠪᠠᠷ ᠲᠣᠰ ᠤᠳᠠᠭᠠᠨ ᠤ ᠶᠡᠭᠡ ᠬᠤᠷᠠᠯ ᠳᠤ ᠣᠷᠣᠯᠴᠠᠵᠤ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯ ᠳᠤ ᠣᠷᠣᠯᠴᠠᠭᠰᠠᠨ ᠪᠥᠬᠦ ᠭᠡᠰᠢᠭᠦᠳ ᠵᠢᠴᠢ ᠰᠤᠯᠠ ᠣᠷᠣᠯᠴᠠᠭᠰᠠᠳ᠂ ᠲᠤᠭᠤᠷᠢᠭ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠵᠢᠴᠢ ᠲᠣᠭᠤᠷᠢᠭ ᠲᠤ ᠰᠠᠭᠤᠭ᠎ᠠ ᠨᠢᠭᠡᠴᠡ ᠶᠢᠨ ᠬᠠᠷᠢᠭᠤᠴᠠᠯᠭᠠᠲᠠᠨ ᠲᠣᠰ ᠤᠳᠠᠭᠠᠨ ᠤ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号