ᠲᠤᠮᠳᠠᠳᠦ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠤᠳᠠ ᠲᠣᠭᠤᠷᠢᠭ ᠤᠨ ᠨᠠᠢᠮᠠᠳᠣᠭᠠᠷ ᠬᠤᠭᠤᠴᠠᠭᠠᠨ ᠤ ᠭᠤᠷᠪᠠᠳᠤᠭᠠᠷ ᠤᠳᠠᠭᠠᠨ ᠤ ᠬᠤᠷᠠᠯᠳᠤᠭᠠᠨ ᠬᠡᠰᠢᠭᠦᠳ ᠶᠠᠷᠢᠶ᠎ᠠ ᠲᠠᠯᠪᠢᠬᠤ ᠶᠡᠭᠡ ᠬᠤᠷᠠᠯ ᠬᠢᠪᠡ
ᠨᠡᠶᠢᠲᠡᠯᠡᠭᠰᠡᠨ ᠴᠠᠭ᠄
2020-04-15
       4 ᠰᠠᠷ᠎ᠠ ᠶᠢᠨ 14 ᠤ ᠡᠳᠦᠷ ᠤᠨ ᠦᠳᠡ ᠡᠮᠦᠨ᠎ᠡ᠂ ᠤᠯᠤᠰ ᠲᠥᠷᠥ ᠶᠢᠨ ᠵᠥᠪᠯᠡᠯᠭᠡᠨ ᠤ ᠤᠳᠠ ᠲᠣᠭᠤᠷᠢᠭ ᠤᠨ ᠨᠠᠢᠮᠠᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯᠳᠤᠭᠠᠨ ᠪᠥᠬᠦᠳᠡ ᠬᠤᠷᠠᠯ ᠬᠢᠪᠡ᠃( ᠬᠡᠰᠢᠭᠦᠳ ᠶᠠᠷᠢᠶ᠎ᠠ ᠲᠠᠯᠪᠢᠬᠤ ᠶᠡᠭᠡ ᠬᠤᠷᠠᠯ)
       ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠷᠧᠨ ᠬᠠᠶ᠂ ᠳᠡᠳ᠋ ᠲᠡᠷᠢᠭᠦᠯᠦᠭᠴᠢ ᠷᠧᠨ ᠷᠦᠢ ᠹᠠᠩ᠂ ᠭᠤᠤ ᠹᠧᠩ᠂ ᠮᠠ ᠴᠢ ᠹᠧᠩ᠂ ᠳ᠋ᠦᠩ ᠰᠧ ᠴᠢᠩ ᠵᠢᠴᠢ ᠨᠠᠷᠢᠨ ᠪᠢᠴᠢᠭᠡᠴᠢ ᠶᠢᠨ ᠳᠠᠷᠤᠭ᠎ᠠ ᠵᠧᠤ ᠱᠣᠤ ᠬᠤᠩ ᠬᠤᠷᠠᠯ ᠳᠤ ᠣᠷᠣᠯᠴᠠᠵᠠᠶ᠃ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠤᠤ ᠹᠧᠩ ᠬᠤᠷᠠᠯ ᠢ ᠡᠷᠭᠢᠯᠡᠪᠡ᠃
       ᠲᠤᠭᠤᠷᠢᠭ ᠤᠨ ᠨᠠᠮ ᠤᠨ ᠬᠤᠷᠢᠶᠠᠨ ᠤ ᠱᠦᠵᠢ ᠬᠠᠨ ᠯᠢ ᠫᠢᠩ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠳᠠᠷᠤᠭ᠎ᠠ ᠦ᠋ ᠬᠤᠩ ᠱᠦᠨ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠲᠢᠶᠠᠨ ᠶᠦᠩ ᠰᠢᠶᠠᠩ᠂ ᠴᠢᠶᠠᠨ ᠶᠦᠨ ᠭᠧ ᠵᠡᠷᠭᠡ ᠨᠠᠮ ᠵᠠᠰᠠᠭ ᠤᠨ ᠤᠳᠤᠷᠢᠳᠤᠯᠭ᠎ᠠ ᠬᠤᠷᠠᠯ ᠳᠤ ᠣᠷᠣᠯᠴᠠᠪᠠ᠃        ᠬᠤᠷᠠᠯ ᠳᠡᠭᠡᠷ᠎ᠡ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠲᠤᠭᠤᠷᠢᠭ ᠤᠨ ᠨᠠᠮ ᠵᠠᠰᠠᠭ ᠤᠨ ᠭᠥᠯᠢᠶᠡᠨ ᠵᠤᠴᠢᠯᠠᠬᠤ ᠠᠯᠪᠠᠨ ᠬᠡᠷ ᠤᠨ ᠡᠷᠬᠢᠯᠡᠭᠴᠢ ᠯᠢᠦ ᠳ᠋ᠧ ᠹᠦ᠋ ᠭᠡᠰᠢᠭᠦᠨ ︽ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ ᠠᠵᠤ ᠦᠢᠯᠡᠳᠪᠦᠷᠢ ᠶᠢᠨ ᠠᠵᠤ ᠠᠬᠤᠶ ᠳᠤ ᠦᠢᠯᠡᠴᠢᠯᠡᠬᠦ ᠲᠤᠬᠠᠶ ᠰᠠᠨᠠᠭᠤᠯᠭ᠎ᠠ︾ ᠶᠢ ᠰᠤᠯᠢᠯᠴᠠᠪᠠ︔ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠦᠢᠯᠡᠳᠪᠦᠷᠢ ᠬᠤᠳᠠᠯᠳᠤᠭᠠᠨ ᠤ ᠬᠤᠯᠪᠦᠭ᠎ᠠ ᠶᠢᠨ ᠲᠡᠷᠢᠭᠦᠯᠡᠭᠴᠢ ᠮᠠ ᠬᠤᠶ ᠶᠠᠨ ᠭᠡᠰᠢᠭᠦᠨ ︽ᠮᠠᠨ ᠤ  ᠲᠤᠭᠤᠷᠢᠭ ᠤᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠦᠰ ᠤᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠰᠠᠨᠠᠭᠤᠯᠭ᠎ᠠ︾ ᠶᠢ ᠰᠣᠯᠢᠯᠴᠠᠪᠠ︔ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ︽9 · 3︾ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠤᠳᠠ ᠰᠠᠯᠪᠤᠷᠢ ᠬᠤᠷᠢᠶ᠎ᠠ ᠶᠢᠨ ᠡᠷᠬᠢᠯᠡᠭᠴᠢ ᠭᠡᠰᠢᠭᠦᠨ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠡᠶᠢᠭᠡᠮ ᠤᠨ ᠬᠠᠤᠯᠢ ᠲᠦᠷᠢᠮ ᠤᠨ ᠡᠮᠡᠭᠲᠡᠶᠢᠴᠦᠳ ᠤᠨ ᠦᠨᠳᠦᠰᠦᠲᠡᠨ ᠱᠠᠰᠢᠨ ᠰᠤᠷᠲᠠᠬᠤᠨ ᠤ ᠲᠤᠰᠬᠠᠶ ᠵᠥᠪᠯᠡᠯ ᠤᠨ ᠡᠷᠬᠢᠯᠡᠭᠴᠢ ᠴᠢᠶᠣᠤ ᠬᠠᠶ ᠼᠦᠨ ᠭᠡᠰᠢᠭᠦᠨ ︽ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠮᠧᠬᠠᠨᠢᠭ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠰᠠᠨᠠᠭᠤᠯᠭ᠎ᠠ︾ ᠶᠢ ᠰᠣᠯᠢᠯᠴᠠᠪᠠ︔  ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠬᠤᠶᠠᠳᠤᠭᠠᠷ ᠳᠡᠰ ᠤᠨ ᠡᠷᠬᠢᠯᠡᠭᠴᠢ ᠭᠡᠰᠢᠭᠦᠨ ᠵᠠᠩ ᠽᠢ ᠶᠢᠩ ᠭᠡᠰᠢᠭᠦᠨ ︽ᠮᠠᠨ ᠤ ᠲᠤᠭᠤᠷᠢᠭ ᠤᠨ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠢ ᠠᠬᠢᠭᠤᠯᠬᠤ ᠲᠤᠬᠠᠶ ᠰᠠᠨᠠᠭᠤᠯᠭ᠎ᠠ︾ ᠶᠢ ᠰᠣᠯᠢᠯᠴᠠᠪᠠ︔ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠲᠠᠷᠢᠶᠠᠴᠢᠨ ᠠᠵᠢᠯᠴᠢᠨ ᠤ  ᠨᠠᠮ ᠤᠨ ᠤᠳᠠ ᠨᠠᠮ ᠤᠨ ᠡᠭᠦᠷ ᠤᠨ ᠳᠡᠳ᠋ ᠡᠷᠬᠢᠯᠡᠭᠴᠢ ᠭᠡᠰᠢᠭᠦᠨ᠂ ᠲᠤᠭᠤᠷᠢᠭ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠤᠨ ᠳᠡᠳ᠋ ᠳᠠᠷᠤᠭ᠎ᠠ ᠯᠦᠸᠧ ᠪᠥᠸᠧ ᠭᠡᠰᠢᠭᠦᠨ ︽︿ᠢᠨᠲ᠋ᠧᠷ ᠰᠦᠯᠵᠢᠶ᠎ᠡ +﹀ ᠤᠳᠠ ᠲᠣᠭᠤᠷᠢᠭ ᠤᠨ ᠪᠠᠷᠠᠭᠠᠨ ᠤ ᠭᠦᠢᠯᠭᠡᠭᠡᠨ ᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ ᠲᠤᠬᠠᠶ ᠰᠠᠨᠠᠭᠤᠯᠭ᠎ᠠ︾ ᠶᠢ ᠰᠣᠯᠢᠯᠴᠠᠪᠠ᠃
       ᠬᠤᠷᠠᠯ ᠠᠴᠠ ᠵᠢᠭᠠᠵᠦ ᠭᠠᠷᠭᠠᠭᠰᠠᠨ ᠨᠢ᠂ 2020 ᠤᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠡᠭᠦᠰᠬᠦ ᠵᠢᠯ ᠪᠣᠯᠤᠨ᠎ᠠ᠃ ᠲᠣᠭᠲᠠᠭᠰᠠᠨ ᠬᠠᠷᠠᠯᠲᠠ ᠶᠢ ᠪᠡᠶᠡᠯᠡᠭᠦᠯᠵᠦ᠂ ᠮᠠᠨ ᠤ ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ  ᠠᠬᠢᠭᠤᠯᠬᠤ ᠳᠤ ᠨᠡᠶᠢᠭᠡᠮ ᠤᠨ ᠡᠯ᠎ᠡ ᠡᠲᠡᠭᠡᠳ ᠤᠨ ᠬᠢᠨ ᠤ ᠢᠳᠡᠪᠬᠢᠲᠡᠢ ᠣᠷᠣᠯᠴᠠᠬᠤ ᠠᠴᠠ ᠰᠠᠯᠵᠤ ᠴᠢᠳᠠᠬᠤ ᠦᠭᠡᠢ ᠂ ᠨᠡᠩ ᠴᠤ ᠭᠡᠰᠢᠭᠦᠳ ᠤᠨ ᠳᠡᠮᠵᠢᠯᠭᠡ ᠬᠢᠨᠠᠯᠲᠠ ᠠᠴᠠ ᠰᠠᠯᠵᠤ ᠴᠢᠳᠠᠬᠤ ᠦᠭᠡᠢ ᠶᠤᠮ᠃ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠵᠢᠴᠢ ᠭᠡᠰᠢᠭᠦᠳ ᠥᠩᠭᠡᠷᠡᠭᠰᠡᠨ ᠲᠠᠢ ᠪᠠᠨ ᠠᠳᠠᠯᠢ ᠪᠠᠷ ᠲᠤᠭᠤᠷᠢᠭ ᠤᠨ ᠵᠠᠰᠠᠭ ᠤᠨ ᠣᠷᠳᠣᠨ ᠤ ᠠᠵᠢᠯ ᠢ ᠠᠩᠬᠠᠷᠤᠨ ᠳᠡᠮᠵᠢᠬᠦ ᠶᠢ ᠬᠦᠰᠡᠬᠦ ᠶᠢᠨ ᠬᠠᠮᠲᠤ᠂ ᠲᠤᠭᠤᠷᠢᠭ ᠤᠨ ᠵᠠᠰᠠᠭ ᠤᠨ ᠣᠷᠳᠣᠨ ᠴᠤ ᠦᠷᠭᠦᠯᠵᠢᠯᠡᠨ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠡᠭᠦᠷᠭᠡ ᠲᠤᠰᠢᠶᠠᠯ ᠢᠶᠠᠨ  ᠭᠦᠢᠴᠡᠳᠬᠡᠬᠦ ᠳᠤ ᠰᠠᠶᠢᠨ ᠰᠠᠶᠢᠬᠠᠨ ᠤᠷᠴᠢᠨ ᠨᠥᠬᠦᠴᠡᠯ ᠢ ᠪᠤᠢ ᠪᠣᠯᠭᠠᠵᠤ᠂ ᠭᠡᠰᠢᠭᠦᠳ ᠤᠨ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠦᠪᠯᠡᠬᠦ ᠳᠤ ᠥᠷᠭᠡᠨ ᠠᠭᠤᠳᠠᠮ ᠲᠠᠪᠴᠠᠩ ᠢ ᠪᠠᠶᠢᠭᠤᠯᠵᠤ ᠥᠭᠬᠦ ᠪᠣᠯᠤᠨ᠎ᠠ᠃
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号