ᠤᠳᠠ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠬᠤᠶᠠᠳᠤᠭᠠᠷ ᠬᠤᠷᠠᠯ ᠢ ᠬᠢᠪᠡ
ᠨᠡᠶᠢᠲᠡᠯᠡᠭᠰᠡᠨ ᠴᠠᠭ᠄
2020-04-15
       4 ᠰᠠᠷ᠎ᠠ ᠶᠢᠨ 14 ᠤ ᠡᠳᠦᠷ᠂ ᠤᠳᠠ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠬᠤᠶᠠᠳᠤᠭᠠᠷ ᠤᠳᠠᠭᠠᠨ ᠤ ᠬᠤᠷᠠᠯ ᠬᠢᠵᠦ᠂ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠬᠠᠨ ᠯᠢ ᠫᠢᠩ ᠬᠤᠷᠠᠯ ᠡᠷᠬᠢᠯᠡᠪᠡ᠃        ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠦ᠋ ᠬᠤᠩ ᠱᠦᠨ᠂ ᠸᠠᠩ ᠽᠢ ᠯᠢᠨ᠂ ᠴᠧᠨ ᠸᠧᠨ ᠵᠥᠩ᠂ ᠴᠢᠶᠠᠨ ᠶᠦᠨ ᠭᠧ᠂ ᠨᠢᠤ ᠢᠦᠶ ᠯᠦ᠂ ᠵᠠᠩ ᠸᠧᠨ ᠬᠤᠸᠠ᠂ ᠭᠦᠸᠧ ᠵᠢᠶᠠᠨ ᠶᠢᠩ᠂ ᠵᠢᠶᠠ ᡁᠢ ᠭᠦᠸᠧ ᠵᠢᠴᠢ ᠲᠡᠷᠢᠭᠦᠯᠡᠭᠴᠢᠳ ᠤᠨ ᠪᠦᠯᠬᠦᠮ ᠤᠨ ᠪᠥᠬᠦ ᠪᠦᠷᠢᠯᠳᠦᠬᠦᠨ ᠨᠡᠷ ᠬᠤᠷᠠᠯ ᠳᠤ ᠣᠷᠣᠯᠴᠠᠪᠠ᠃        ᠬᠤᠷᠠᠯ ᠠᠴᠠ ᠸᠠᠩ ᠽᠢ ᠯᠢᠨ ᠤ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠢᠨ ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠭᠥᠯᠢᠶᠡᠨ ᠠᠪᠬᠤ ᠲᠤᠬᠠᠶ ᠲᠤᠭᠳᠠᠭᠠᠯ ︵ᠲᠥᠰᠦᠯ︶ ᠢ ᠪᠠᠲᠤᠯᠠᠵᠤ᠂ ᠶᠡᠭᠡ ᠬᠤᠷᠠᠯ ᠳᠤ ᠳᠡᠪᠰᠢᠭᠦᠯᠵᠦ ᠪᠠᠲᠤᠯᠠᠭᠤᠯᠪᠠ︔ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠭᠡᠰᠢᠭᠦᠨ᠂ ᠲᠤᠭᠤᠷᠢᠭ ᠤᠨ ᠬᠢᠨᠠᠨ ᠪᠠᠶᠢᠴᠠᠭᠠᠬᠤ ᠵᠥᠪᠯᠡᠯ ᠤᠨ  ᠡᠷᠬᠢᠯᠡᠭᠴᠢ ᠶᠢᠨ ᠵᠢᠱᠢᠭᠳᠡᠭᠰᠡᠳ ᠢ ᠲᠠᠨᠢᠯᠴᠠᠭᠤᠯᠬᠤ ᠲᠤᠬᠠᠶ ᠲᠣᠳᠣᠷᠬᠠᠶᠢᠯᠠᠯᠲᠠ ᠶᠢ ᠰᠣᠨᠣᠰᠪᠠ︔ ᠲᠤᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠭᠡᠰᠢᠭᠦᠨ᠂ ᠲᠤᠭᠤᠷᠢᠭ ᠤᠨ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠢᠨ ᠵᠢᠱᠢᠭᠳᠡᠭᠰᠡᠳ ᠤᠨ ᠨᠡᠷᠡᠰ ᠢ ᠶᠠᠷᠢᠯᠴᠠᠨ ᠲᠣᠭᠲᠠᠭᠠᠪᠠ᠃
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号