ᠡᠨᠡ ᠵᠢᠯ ᠤᠨ 4 ᠰᠠᠷ᠎ᠠ ᠪᠣᠯ ᠪᠦᠬᠦ ᠤᠯᠤᠰ ᠤᠨ 32 ᠳ᠋ᠤᠭᠠᠷ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠰᠠᠷ᠎ᠠ ᠪᠣᠯᠤᠨ᠎ᠠ᠃ ᠪᠦᠬᠦ ᠲᠤᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠤᠳᠠ | ᠲᠣᠭᠤᠷᠢᠭ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠶᠡᠬᠡᠪᠡᠷ ᠥᠷᠨᠢᠭᠦᠯᠵᠦ᠂ | ᠤᠷᠢᠳᠴᠢᠯᠠᠨ ᠰᠡᠷᠭᠡᠶᠢᠯᠡᠬᠦ ᠶᠢ ᠲᠡᠷᠢᠭᠦᠨ ᠳᠤ ᠲᠠᠯᠪᠢᠬᠤ ᠶᠢ ᠴᠢᠩᠭᠠᠳᠬᠠᠨ᠂ ᠡᠷᠡᠭᠦᠯ ᠡᠩᠬᠡ ᠣᠷᠴᠢᠨ ᠲᠣᠭᠤᠷᠢᠨ ᠢ | ᠪᠤᠢ ᠪᠣᠯᠭᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠰᠠᠯᠲᠠ ᠶᠢ ᠦᠨᠡᠨᠬᠦ ᠰᠠᠶᠢᠲᠤᠷ ᠬᠢᠵᠦ᠂ ᠣᠯᠠᠨ | ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠬᠠᠮᠠᠭᠠᠯᠠᠨ ᠪᠠᠲᠤᠯᠠᠪᠠ᠃ | | ︽ᠬᠢᠵᠢᠭ ᠢ ᠰᠡᠷᠭᠡᠶᠢᠯᠡᠬᠦ ᠳᠤ ᠪᠢ ᠪᠠᠶᠢᠨ᠎ᠠ᠂ ᠡᠷᠡᠭᠦᠯ ᠬᠠᠮᠠᠭᠠᠯᠠᠯ ᠢ ᠬᠠᠶᠢᠷᠠᠯᠠᠬᠤ ᠳᠤ ᠬᠠᠮᠲᠦᠪᠡᠷ | ᠬᠦᠳᠡᠯᠦᠶᠡ︾ ᠪᠠᠷ ᠠᠵᠢᠯᠯᠠᠭ᠎ᠠ ᠶᠢᠨ ᠭᠤᠣᠯ ᠰᠡᠳᠦᠪ ᠪᠣᠯᠭᠠᠵᠤ᠂ ᠤᠳᠠ ᠲᠣᠭᠤᠷᠢᠭ ᠤᠯᠤᠰ ᠢᠶᠠᠨ ᠬᠠᠶᠢᠷᠠᠯᠠᠬᠤ | ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠲᠡᠦᠬᠡ ᠶᠢᠨ ᠭᠤᠣᠯ ᠰᠡᠳᠦᠪᠲᠦ ᠤᠬᠠᠭᠤᠯᠭ᠎ᠠ᠂ ᠬᠤᠲᠠ ᠬᠥᠳᠡᠭᠡ ᠶᠢᠨ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠰᠠᠯᠲᠠ᠂ ᠭᠤᠣᠯᠳᠠᠯᠭ᠎ᠠ ᠲᠠᠢ ᠲᠠᠯᠠᠪᠤᠷ ᠭᠠᠵᠠᠷ ᠢ ᠴᠡᠪᠡᠷᠯᠡᠨ | ᠴᠡᠭᠴᠡᠯᠡᠬᠦ᠂ ᠰᠤᠷᠭᠠᠭᠤᠯᠢ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ᠂ ᠮᠠᠯᠵᠢᠬᠤ | ᠲᠠᠷᠢᠶᠠᠯᠠᠬᠤ ᠣᠷᠣᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠪᠠ ᠣᠯᠠᠨ ᠲᠦᠮᠡᠨ ᠤ ᠠᠵᠢᠯᠯᠠᠭ᠎ᠠ ᠶᠢ | ᠥᠷᠭᠡᠨ ᠢᠶᠠᠷ ᠥᠷᠨᠢᠭᠦᠯᠬᠦ ᠵᠡᠷᠭᠡ ᠵᠢᠷᠭᠤᠭᠠᠨ ᠵᠦᠢᠯ ᠤᠨ ᠭᠤᠣᠯᠳᠠᠯᠭ᠎ᠠ ᠲᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠪᠡ | ᠃ ᠡᠭᠦᠨ ᠳᠤ᠂ ᠣᠯᠠᠨ ᠲᠦᠮᠡᠨ ᠤ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠬᠦ ᠲᠠᠯ᠎ᠠ ᠪᠠᠷ᠂ ᠪᠠᠯᠭᠠᠰᠤᠨ ᠤ | ᠠᠯᠪᠠᠨ ᠭᠡᠷ ᠵᠢᠴᠢ ᠡᠯ᠎ᠡ ᠰᠠᠯᠠᠭ᠎ᠠ ᠮᠥᠴᠢᠷ ᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠬᠢᠯᠲᠠ ᠶᠢᠨ | ᠪᠠᠶᠢᠳᠠᠯ ᠢ ᠦᠨᠳᠦᠰᠦᠯᠡᠨ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠭᠤᠤᠯ ᠰᠡᠳᠦᠪ ᠲᠠᠢ | ᠤᠶᠠᠯᠳᠤᠭᠤᠯᠤᠨ᠂ ︽ᠣᠷᠴᠢᠨ ᠲᠣᠭᠤᠷᠢᠨ ᠢ ᠰᠠᠶᠢᠵᠢᠷᠠᠭᠤᠯᠵᠤ ᠡᠷᠡᠭᠦᠯ ᠮᠡᠨᠳᠦ ᠶᠢ ᠬᠠᠮᠲᠤ ᠪᠠᠷ ᠡᠳ᠋ᠯᠡᠬᠦ︾᠂ ︽ | ᠠᠷᠢᠭᠤᠨ ᠴᠡᠪᠡᠷ ᠪᠤᠰᠤ ᠪᠣᠯᠪᠠᠰᠤᠨ ᠪᠤᠰᠤ ᠢᠳᠡᠭᠡᠨ ᠤᠮᠳᠠᠭᠠᠨ ᠤ ᠪᠦᠳᠦᠭᠦᠯᠢᠭ ᠳᠠᠳᠬᠠᠯ ᠲᠠᠢ ᠳᠠᠶᠢᠨ ᠵᠠᠷᠯᠠᠬᠤ︾᠂ | ︽ᠡᠶ᠎ᠡ ᠵᠣᠬᠢᠴᠠᠯ ᠲᠠᠢ ᠰᠡᠳᠬᠢᠴᠡ ᠶᠢᠨ ᠪᠠᠶᠢᠳᠠᠯ ᠪᠠᠶᠠᠷ ᠬᠥᠷ ᠲᠠᠢ ᠠᠮᠢᠳᠤᠷᠠᠬᠤ︾ ᠵᠡᠷᠭᠡ ᠪᠠᠷ ᠭᠤᠤᠯᠳᠠᠯᠭ᠎ᠠ ᠲᠠᠢ | ᠲᠤᠰᠬᠠᠶ ᠰᠡᠳᠦᠪ ᠪᠣᠯᠭᠠᠵᠤ᠂ ᠴᠢᠭ ᠪᠠ ᠨᠡᠶᠢᠳᠡᠮ ᠢ ᠤᠶᠠᠯᠳᠤᠭᠤᠯᠤᠨ᠂ ᠣᠯᠠᠨ ᠲᠦᠮᠡᠨ ᠤ ᠤᠬᠠᠭᠤᠯᠤᠨ | ᠳᠠᠶᠢᠴᠢᠯᠠᠬᠤ ᠶᠢ ᠭᠦᠨᠵᠡᠭᠡᠶ ᠥᠷᠨᠢᠭᠦᠯᠵᠦ᠂ ᠣᠯᠠᠨ ᠲᠦᠮᠡᠨ ᠤ ᠣᠷᠣᠯᠴᠠᠬᠤ ᠢᠳᠡᠪᠬᠢᠵᠢᠯ ᠪᠠ ᠪᠦᠲᠦᠭᠡᠯᠴᠢ ᠴᠢᠨᠠᠷ ᠢ | ᠭᠦᠢᠴᠡᠳ ᠳᠠᠶᠢᠴᠢᠯᠠᠬᠤ ᠬᠡᠷᠡᠭᠲᠡᠶ᠃ | ᠡᠨᠡ ᠵᠢᠷᠭᠤᠭᠠᠨ ᠵᠦᠢᠯ ᠤᠨ ᠭᠤᠤᠯᠳᠠᠯᠭ᠎ᠠ ᠲᠠᠢ ᠠᠵᠢᠯᠯᠠᠭ᠎ᠠ ᠳᠤ ᠴᠢᠭᠯᠡᠭᠦᠯᠦᠨ᠂ ᠤᠳᠠ ᠲᠣᠭᠤᠷᠢᠭ ᠨᠢ | ᠡᠯ᠎ᠡ ᠬᠠᠶᠢᠷᠠᠯᠠᠨ ᠬᠠᠮᠠᠭᠠᠯᠠᠬᠤ ᠪᠦᠷᠢᠯᠳᠦᠬᠦᠨ ᠨᠢᠭᠡᠴᠡ ᠶᠢ ᠵᠣᠬᠢᠶᠠᠨ ᠪᠠᠶᠢᠭᠤᠯᠤᠨ ᠵᠣᠬᠢᠴᠠᠭᠤᠯᠬᠤ ᠪᠠᠨ | ᠴᠢᠩᠭᠠᠳᠬᠠᠵᠤ᠂ ᠦᠨᠡᠨ ᠬᠦ ᠶᠠᠪᠤᠭᠳᠠᠭᠤᠰᠢᠲᠠᠶ ᠠᠵᠢᠯᠯᠠᠭ᠎ᠠ ᠶᠢᠨ ᠲᠥᠯᠥᠪᠯᠡᠭᠡ ᠲᠣᠭᠲᠠᠭᠠᠵᠤ᠂ ᠭᠠᠷᠠᠭ ᠪᠦᠷᠢ ᠨᠢᠭᠡ | ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠲᠣᠭᠲᠠᠭᠠᠵᠤ᠂ ᠲᠠᠰ ᠳᠠᠷᠠᠭᠠᠯᠠᠨ ᠠᠬᠢᠭᠤᠯᠵᠤ᠂ ᠭᠠᠷᠠᠭ ᠬᠤᠪᠢᠶᠠᠨ | ᠨᠠᠶᠢᠳᠠᠪᠦᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃ ᠡᠭᠦᠨ ᠳᠤ᠂ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠰᠠᠷ᠎ᠠ ᠶᠢᠨ ᠨᠢᠭᠡᠳᠦᠭᠡᠷ᠂ ᠬᠤᠶᠠᠳᠤᠭᠠᠷ ᠭᠠᠷᠠᠭ ᠲᠤ ᠬᠤᠯᠤᠭᠠᠨ᠎ᠠ ᠶᠢ ᠨᠢᠭᠡᠳᠦᠯᠲᠡᠶ ᠤᠰᠠᠳᠬᠠᠬᠤ ᠪᠠ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠲᠡᠤᠬᠡ ᠶᠢ ᠥᠭᠦᠯᠡᠬᠦ ᠰᠢᠷᠢᠰ ᠠᠵᠢᠯᠯᠠᠭ᠎ᠠ ᠶᠢ | ᠤᠷᠢᠳ ᠬᠤᠵᠢᠳ ᠥᠷᠨᠢᠭᠦᠯᠪᠡ᠃ 4 ᠳ᠋ᠦᠭᠡᠷ ᠰᠠᠷ᠎ᠠ ᠶᠢᠨ 13 ᠤ ᠡᠳᠦᠷ ᠠᠴᠠ 4 ᠳ᠋ᠦᠭᠡᠷ ᠰᠠᠷ᠎ᠠ ᠶᠢᠨ 19 ᠤ | ᠡᠳᠦᠷ ᠪᠣᠯᠲᠠᠯ᠎ᠠ᠂ ᠪᠥᠬᠦ ᠲᠤᠭᠤᠷᠢᠭ ᠤᠨ ᠬᠡᠪᠴᠢᠶᠠᠨ ᠳᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ | ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠰᠠᠭᠤᠭᠠᠯᠢ ᠠᠷᠠᠳ ᠤᠨ ᠵᠢᠵᠢᠭ ᠲᠣᠭᠤᠷᠢᠭ᠂ | ᠠᠷᠤ ᠵᠡᠭᠡᠯᠢ ᠶᠢᠨ ᠵᠢᠵᠢᠭ ᠭᠤᠳᠤᠮᠵᠢ᠂ ᠬᠤᠲᠠᠨ ᠳᠠᠬᠢ ᠲᠣᠰᠬᠤᠨ᠂ ᠬᠤᠲᠠ ᠬᠥᠳᠡᠭᠡ ᠶᠢᠨ ᠠᠭᠤᠯᠵᠠᠷ ᠬᠡᠰᠡᠭ᠂ | ᠭᠤᠤᠯ ᠳᠡᠳ᠋ ᠵᠠᠮ᠂ ᠭᠤᠤᠯ ᠳᠠᠭᠠᠤ ᠡᠷᠭᠢ ᠶᠢᠨ ᠱᠤᠭᠤᠮ᠂ ︽ᠠᠷᠪᠠᠨ ᠳᠤᠷ᠎ᠠ ᠪᠠᠷ ᠢᠶᠠᠨ︾ ᠪᠠᠶᠢᠬᠤ ᠦᠵᠡᠭᠳᠡᠯ ᠢ | ᠭᠤᠤᠯᠳᠠᠯᠭ᠎ᠠ ᠲᠠᠢ ᠴᠡᠭᠴᠡᠯᠡᠨ ᠵᠠᠰᠠᠨ᠎ᠠ᠃ 4 ᠰᠠᠷ᠎ᠠ ᠶᠢᠨ 20 ᠤ ᠡᠳᠦᠷ ᠠᠴᠠ 4 ᠰᠠᠷ᠎ᠠ ᠶᠢᠨ 25 ᠤ ᠡᠳᠦᠷ | ᠪᠣᠯᠲᠠᠯ᠎ᠠ᠂ ᠰᠤᠷᠭᠠᠭᠤᠯᠢ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠥᠷᠨᠢᠭᠦᠯᠵᠦ᠂ | ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠢᠨ ᠰᠤᠷᠭᠠᠭᠤᠯᠢ ᠶᠢᠨ ᠪᠠᠭᠰᠢ ᠰᠣᠷᠣᠭᠴᠢ᠂ ᠬᠡᠷ ᠪᠦᠯᠢ ᠶᠢᠨ | ᠪᠦᠷᠢᠯᠳᠦᠬᠦᠨ ᠢ ᠥᠷᠭᠡᠨ ᠢᠶᠠᠷ ᠳᠠᠶᠢᠴᠢᠯᠠᠨ ᠬᠠᠮᠲᠦ ᠪᠠᠷ ᠣᠷᠣᠯᠴᠠᠭᠤᠯᠵᠤ᠂ ᠰᠤᠷᠭᠠᠭᠤᠯᠢ ᠶᠢᠨ ᠬᠦᠷᠢᠶᠡᠨ ᠤ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ | ᠳᠣᠲᠣᠨ᠎ᠠ ᠭᠠᠳᠠᠨᠠᠬᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠭᠡ ᠪᠠᠷ ᠴᠡᠪᠡᠷᠯᠡᠨ ᠠᠷᠢᠯᠭᠠᠵᠤ᠂ ᠤᠬᠢᠶᠠᠵᠤ | ᠠᠷᠢᠭᠤᠳᠬᠠᠬᠤ ᠲᠦᠷᠢᠮ ᠢ ᠨᠠᠶᠢᠳᠠᠪᠦᠷᠢᠵᠢᠭᠤᠯᠵᠦ᠂ ᠢᠯᠠᠭ᠎ᠠ ᠬᠤᠯᠤᠭᠠᠨ᠎ᠠ ᠶᠢ ᠰᠡᠷᠭᠡᠶᠢᠯᠡᠬᠦ ᠡᠷᠴᠢᠮ ᠢᠶᠠᠨ | ᠴᠢᠩᠭᠠᠷᠠᠭᠤᠯᠬᠤ ᠬᠡᠷᠡᠭᠲᠡᠶ︔ ᠭᠤᠤᠯᠳᠠᠯᠭ᠎ᠠ ᠲᠠᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠡᠷᠡᠭᠦᠯ | ᠮᠡᠨᠳᠦ ᠶᠢᠨ ᠬᠥᠮᠦᠵᠢᠯ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠴᠢᠩᠭᠠᠳᠬᠠᠵᠤ᠂ | ᠰᠤᠷᠤᠭᠴᠢᠳ ᠢ ᠵᠢᠯᠣᠭᠤᠳᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠵᠥᠪ ᠲᠠᠨᠢᠭᠤᠯᠵᠤ᠂ | ᠰᠡᠳᠬᠢᠴᠡ ᠶᠢ ᠨᠢ ᠰᠢᠯᠤᠭᠤᠳᠬᠠᠨ ᠵᠢᠯᠣᠭᠤᠳᠬᠤ ᠠᠵᠢᠯ ᠢ ᠥᠷᠨᠢᠭᠦᠯᠦᠨ᠎ᠡ᠃ 4 ᠳ᠋ᠦᠭᠡᠷ ᠰᠠᠷ᠎ᠠ ᠶᠢᠨ 26 ᠤ | ᠡᠳᠦᠷ ᠠᠴᠠ 4 ᠳ᠋ᠦᠭᠡᠷ ᠰᠠᠷ᠎ᠠ ᠶᠢᠨ 30 ᠤ ᠡᠳᠦᠷ ᠪᠣᠯᠲᠠᠯ᠎ᠠ᠂ ᠪᠥᠬᠦ ᠲᠤᠭᠤᠷᠢᠭ ᠤᠨ ᠬᠡᠪᠴᠢᠶᠠᠨ ᠳᠤ | ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠡᠷᠡᠭᠦᠯ ᠬᠠᠮᠠᠭᠠᠯᠠᠯ ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ | ᠲᠥᠪᠯᠡᠷᠡᠭᠦᠯᠦᠨ ᠥᠷᠨᠢᠭᠦᠯᠵᠦ᠂ ᠬᠤᠲᠠ ᠲᠣᠭᠤᠷᠢᠭ ᠤᠨ ᠵᠢᠷᠭᠤᠭᠠᠨ ᠵᠢᠵᠢᠭ ᠠᠵᠢᠯ ᠲᠥᠷᠥᠯ᠂ ᠴᠤᠭᠯᠠᠭ᠎ᠠ | ᠮᠠᠶᠢᠮᠠᠶ ᠶᠢᠨ ᠵᠠᠬ᠎ᠠ ᠳᠡᠯᠭᠡᠭᠦᠷ᠂ ᠵᠢᠭᠦᠷᠲᠡᠨ ᠤ ᠲᠥᠷᠥᠯ ᠢ ᠨᠢᠲᠤᠯᠬᠤ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠢ | ᠴᠡᠭᠴᠡᠯᠡᠨ ᠵᠠᠰᠠᠨ᠎ᠠ᠃ |