ᠰᠢᠨᠳᠠ ᠵᠢᠶᠠ ᠶᠤᠸᠠᠨ ᠨᠡᠶᠢᠭᠡᠮ ᠲᠣᠭᠤᠷᠢᠭ ᠰᠠᠭᠤᠭᠠᠯᠢ ᠠᠷᠠᠳ ᠲᠤ ᠵᠣᠤᠮ᠎ᠠ ᠬᠤᠷᠣᠬᠠᠶ ᠶᠢᠨ ᠡᠮ ᠲᠦᠭᠡᠭᠡᠪᠡ
ᠨᠡᠶᠢᠲᠡᠯᠡᠭᠰᠡᠨ ᠴᠠᠭ᠄
2020-04-17
       ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠵᠤ᠂ ᠴᠡᠪᠡᠷ ᠴᠡᠮᠴᠡᠭᠡᠷ ᠨᠡᠶᠢᠭᠡᠮ ᠲᠣᠭᠤᠷᠢᠭ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂ 4 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠰᠢᠨ ᠳ᠋ᠡ ᠵᠢᠶᠠ ᠶᠤᠸᠠᠨ ᠨᠡᠶᠢᠭᠡᠮ ᠲᠣᠭᠤᠷᠢᠭ ᠤᠨ ᠠᠵᠢᠯᠲᠠᠳ ᠨᠢᠭᠡᠳᠦᠭᠡᠷ ᠳᠠᠪᠬᠤᠷ ᠲᠤ ᠰᠠᠭᠤᠭᠠᠯᠢ ᠠᠷᠠᠳ ᠲᠤ ᠵᠣᠣᠮ᠎ᠠ  ᠬᠤᠷᠤᠬᠠᠢ ᠶᠢᠨ ᠡᠮ ᠲᠠᠷᠬᠠᠭᠠᠪᠠ᠃        ᠲᠠᠷᠬᠠᠭᠠᠬᠤ ᠶᠠᠪᠤᠴᠠ ᠳᠤ᠂ ᠠᠵᠢᠯᠲᠠᠳ ᠵᠣᠣᠮ᠎ᠠ ᠬᠤᠷᠣᠬᠠᠢ ᠶᠢᠨ ᠡᠮ ᠠᠪᠴᠤ ᠪᠠᠶᠢᠭ᠎ᠠ ᠰᠠᠭᠤᠭᠠᠯᠢ ᠠᠷᠠᠳ ᠢ ᠨᠠᠷᠢᠨ ᠲᠣᠳᠣᠷᠬᠠᠶ ᠳᠡᠩᠰᠡᠯᠡᠨ ᠲᠡᠮᠳᠡᠭᠯᠡᠬᠦ ᠶᠢᠨ ᠬᠠᠮᠲᠤ᠂ ᠰᠠᠭᠤᠭᠠᠯᠢ ᠠᠷᠠᠳ ᠲᠤ ᠳᠥᠷᠪᠡᠨ ᠬᠤᠤᠷ ᠢ ᠠᠷᠢᠯᠭᠠᠬᠤ ᠶᠢᠨ ᠴᠢᠬᠤᠯᠠ ᠴᠢᠨᠠᠷ ᠢ ᠰᠠᠨᠠᠭᠤᠯᠬᠤ ᠶᠢᠨ ᠬᠠᠮᠲᠤ ᠵᠣᠣᠮ᠎ᠠ ᠶᠢᠨ ᠡᠮ ᠢ ᠬᠡᠷᠡᠭᠯᠡᠬᠦ ᠳᠡᠭᠡᠨ ᠠᠩᠬᠠᠷᠬᠤ ᠴᠢᠬᠤᠯᠠᠲᠠᠶ ᠵᠦᠢᠯᠡᠰ ᠵᠢᠴᠢ ᠬᠡᠷᠡᠭᠯᠡᠬᠦ ᠠᠷᠭ᠎ᠠ ᠶᠢ ᠨᠠᠷᠢᠨ ᠲᠣᠳᠣᠷᠬᠠᠶ ᠬᠡᠯᠡᠵᠦ᠂ ᠬᠡᠷ ᠪᠤᠶᠤ ᠠᠰᠠᠷ ᠤᠨ ᠬᠤᠩᠭᠢᠯ ᠳᠤ ᠡᠯᠳᠡᠪ ᠶᠠᠭᠤᠮ᠎ᠠ ᠣᠪᠣᠭᠠᠯᠠᠵᠤ ᠪᠣᠯᠬᠤ ᠥᠬᠡᠶ᠂ ᠴᠡᠪᠡᠷ ᠲᠡᠭᠰᠢ ᠪᠠᠶᠢᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃        ᠰᠠᠭᠤᠭᠠᠯᠢ ᠠᠷᠠᠳ ᠲᠤ ᠳᠥᠷᠪᠡᠨ ᠬᠤᠣᠷᠲᠠᠨ ᠢ ᠠᠷᠢᠯᠭᠠᠬᠤ ᠡᠮ ᠣᠯᠭᠤᠬᠤ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠡᠶ᠎ᠡ ᠵᠣᠬᠢᠴᠠᠯ ᠲᠠᠢ ᠡᠷᠡᠭᠦᠯ ᠬᠠᠮᠠᠭᠠᠯᠠᠯ ᠤᠨ ᠨᠡᠶᠢᠭᠡᠮ ᠲᠣᠭᠤᠷᠢᠭ ᠤᠨ ᠬᠤᠯᠪᠣᠭᠳᠠᠯ ᠪᠦᠬᠦᠢ ᠮᠡᠳᠡᠯᠭᠡ ᠶᠢ ᠣᠶᠢᠯᠠᠭᠠᠭᠤᠯᠵᠤ᠂ ᠪᠦᠬᠦ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠳᠤ ᠥᠪᠡᠷ ᠤᠨ ᠨᠢᠭᠡ ᠬᠤᠪᠢ ᠬᠦᠴᠦ ᠪᠠᠨ ᠡᠷᠭᠦᠬᠦ ᠬᠡᠷᠡᠭᠲᠡᠶ ᠭᠡᠵᠠᠢ᠃
   
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号