ᠤᠳᠠ ᠲᠣᠭᠤᠷᠢᠭ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-04-21
       4 ᠰᠠᠷ᠎ᠠ ᠶᠢᠨ 20 ᠤ ᠡᠳᠦᠷ᠂ ᠤᠳᠠ ᠲᠣᠭᠤᠷᠢᠭ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠴᠡᠭᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂  ᠲᠤᠭᠤᠷᠢᠭ ᠤᠨ ᠨᠠᠮ ᠤᠨ ᠬᠤᠷᠢᠶᠠᠨ ᠤ ᠱᠦᠵᠢ ᠬᠠᠨ ᠯᠢ ᠫᠢᠩ ᠬᠤᠷᠠᠯ ᠢ ᠡᠷᠬᠢᠯᠡᠨ ᠶᠠᠷᠢᠶ᠎ᠠ ᠲᠠᠯᠪᠢᠵᠠᠶ᠃ ᠲᠣᠭᠤᠷᠢᠭ ᠤᠨ ᠤᠳᠤᠷᠢᠳᠤᠯᠭ᠎ᠠ ᠸᠠᠩ ᠵᠢᠶᠦ᠋ᠨ ᠰᠢᠶᠠᠨ᠂ ᠹᠠᠨ ᠯᠢ᠂ ᠲᠢᠶᠠᠨ ᠶᠦᠩ ᠰᠢᠶᠠᠩ᠂ ᠭᠤᠣ ᠲᠢᠶᠧ ᠨᠠᠡ᠂ ᠮᠠ ᠫᠧᠩ ᠶᠠᠩ ᠬᠤᠷᠠᠯ ᠳᠤ ᠣᠷᠣᠯᠴᠠᠵᠠᠢ᠃        ᠬᠤᠷᠠᠯ ᠠᠴᠠ ᠤᠳᠠ ᠲᠣᠭᠤᠷᠢᠭ ᠤᠨ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠤ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠠᠭᠠᠨ ᠨᠠᠭᠤᠷ ᠪᠠᠯᠭᠠᠰᠤ᠂ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠢᠨ ︽ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠤ ᠭᠤᠷᠪᠠᠨ ᠵᠢᠯ ᠤᠨ ᠴᠡᠭᠴᠡᠯᠡᠨ ᠵᠠᠰᠠᠬᠤ ᠲᠥᠰᠦᠯ︾ ᠲᠠᠢ ᠬᠠᠷᠢᠴᠠᠭᠤᠯᠤᠨ ᠠᠵᠢᠯ ᠢᠶᠠᠨ ᠪᠡᠶᠡᠯᠡᠭᠦᠯᠦᠭᠰᠡᠨ ᠪᠠᠶᠢᠳᠠᠯ ᠢᠶᠠᠨ ᠲᠠᠰ ᠳᠠᠷᠠᠭᠠᠯᠠᠨ ᠬᠠᠷᠢᠭᠤ ᠮᠡᠳᠡᠭᠦᠯᠪᠡ᠃        ᠬᠠᠨ ᠯᠢ ᠫᠢᠩ᠂ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠪᠣᠯ ᠨᠠᠮ ᠤᠨ ᠲᠥᠪ ᠬᠤᠷᠢᠶ᠎ᠡ᠂ ᠲᠦᠷᠦ ᠶᠢᠨ ᠶᠠᠪᠤᠳᠠᠯ ᠤᠨ ᠬᠤᠷᠢᠶᠠᠨ ᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ᠎ᠠ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠤᠯᠬᠤ᠂ ᠠᠷᠠᠳ ᠤᠨ ᠰᠡᠳᠬᠢᠯ ᠳᠤ ᠨᠡᠶᠢᠴᠡᠬᠦ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠦᠵᠡᠯ ᠰᠠᠨᠠᠭ᠎ᠠ ᠪᠠᠨ ᠨᠢᠭᠡᠳᠬᠡᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠶ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠡᠯ᠎ᠡ ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠦᠷᠭᠦᠯᠵᠢᠯᠡᠨ ᠰᠠᠶᠢᠲᠣᠷ ᠠᠳᠬᠤᠵᠤ᠂ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠭᠤᠤᠯ ᠠᠵᠢᠯ ᠯᠤᠭ᠎ᠠ ᠨᠢᠭᠲᠠ ᠤᠶᠠᠯᠳᠤᠭᠤᠯᠬᠤ ᠶᠢ ᠪᠠᠷᠢᠮᠲᠠᠯᠠᠨ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠭᠦᠨ ᠤ ᠨᠡᠷᠡᠲᠦ ᠲᠥᠷᠥᠯ ᠲᠡᠮᠳᠡᠭ᠂ ᠢᠳᠡᠭᠡᠨ ᠤ ᠠᠮᠤᠷ ᠲᠦᠪᠰᠢᠨ᠂ ᠬᠥᠳᠡᠭᠡ ᠲᠣᠰᠬᠤᠨ ᠤ ᠨᠣᠭᠤᠭᠠᠷᠠᠭᠤᠯᠤᠯᠲᠠ᠂ ᠰᠣᠶᠣᠯ ᠵᠢᠭᠤᠯᠴᠢᠯᠠᠯ ᠤᠨ ᠦᠢᠯᠡᠴᠢᠯᠡᠭᠡᠨ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ ᠴᠢᠨᠠᠷ ᠢ ᠦᠨᠡᠨᠬᠦ ᠰᠠᠶᠢᠵᠢᠷᠠᠭᠤᠯᠬᠤ ᠬᠡᠷᠡᠭᠲᠡᠶ᠃        ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠤᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃
   
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号