ᠤᠳᠠ ᠲᠣᠭᠤᠷᠢᠭ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠣᠢ ᠰᠢᠭᠤᠶ ᠶᠢᠨ ᠲᠦᠢᠮᠡᠷ ᠤᠨ ᠪᠠᠶᠢᠳᠠᠯ ᠢ ᠴᠢᠩᠭ᠎ᠠ ᠰᠡᠷᠭᠡᠶᠢᠯᠡᠪᠡ
ᠨᠡᠶᠢᠲᠡᠯᠡᠭᠰᠡᠨ ᠴᠠᠭ᠄
2020-04-07
       ︽2020 ᠤᠨ ᠤ ᠬᠠᠪᠤᠷ ᠤᠯᠠᠷᠢᠯ ᠤᠨ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠮᠡᠳᠡᠭᠳᠡᠯ︾᠂ ︽2020 ᠤᠨ ᠤ ᠣᠢ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠠᠵᠢᠯ ᠤᠨ ᠤᠬᠠᠭᠤᠯᠭ᠎ᠠ ᠶᠢᠨ ᠲᠥᠰᠦᠯ ᠤᠨ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠠᠭᠠᠯᠠᠬᠤ ᠶᠢᠨ ᠲᠤᠰᠠᠳᠠ᠂ ᠤᠳᠠ ᠲᠣᠭᠤᠷᠢᠭ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠣᠢ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ᠂ ᠭᠠᠯ ᠤᠨᠲᠠᠷᠠᠭᠠᠬᠤ ᠠᠵᠢᠯ ᠢ ᠪᠥᠬᠦ ᠬᠦᠴᠦᠨ ᠢᠶᠠᠷ ᠰᠠᠶᠢᠲᠤᠷ ᠬᠢᠬᠦ ᠬᠡᠷᠡᠭᠲᠡᠶ᠃        ᠨᠢᠭᠡ ᠳᠤ ᠤᠳᠤᠷᠢᠳᠤᠯᠭ᠎ᠠ ᠪᠠᠨ ᠴᠢᠩᠭᠠᠳᠬᠠᠵᠤ᠂ ᠪᠥᠬᠦ ᠲᠠᠯ᠎ᠠ ᠪᠠᠷ ᠳᠠᠶᠢᠴᠢᠯᠠᠬᠤ ᠬᠡᠷᠡᠭᠲᠡᠶ᠃ ᠭᠠᠯ ᠰᠡᠷᠭᠡᠶᠢᠯᠡᠬᠦ ᠠᠵᠢᠯ ᠤᠨ ᠤᠷᠤᠭᠰᠢᠲᠠᠶ ᠥᠷᠨᠢᠬᠦ ᠶᠢ ᠦᠨᠡᠨᠬᠦ ᠪᠠᠲᠤᠯᠠᠬᠤ ᠶᠢᠨ ᠲᠥᠯᠥᠭᠡ᠂ ᠤᠳᠠ ᠲᠣᠭᠤᠷᠢᠭ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠤᠰᠬᠠᠶ ᠬᠤᠷᠠᠯ ᠬᠤᠷᠠᠯᠳᠤᠭᠤᠯᠵᠤ᠂ ᠬᠠᠮᠢᠶ᠎ᠠ ᠪᠦᠬᠦᠢ  ᠠᠵᠢᠯᠳᠠᠨ ᠢ ᠮᠢᠨᠴᠦᠭᠦᠷᠡᠬᠦ ᠦᠵᠡᠯ ᠰᠠᠨᠠᠭ᠎ᠠ ᠶᠢ ᠢᠯᠠᠨ ᠳᠠᠪᠠᠵᠤ᠂ ᠡᠯ᠎ᠡ ᠵᠦᠢᠯ ᠤᠨ ᠭᠠᠯ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠠᠶᠢᠲᠤᠷ ᠬᠢᠵᠦ᠂ ᠣᠢ ᠰᠢᠭᠤᠶ ᠶᠢ ᠬᠠᠮᠠᠭᠠᠯᠠᠵᠤ ᠭᠠᠯ ᠰᠡᠷᠭᠡᠶᠢᠯᠡᠬᠦ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠬᠠᠮᠲᠤ ᠣᠢ ᠰᠢᠭᠤᠶ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠪᠣᠳᠠᠲᠤ ᠳᠠᠶᠢᠨ ᠢ ᠳᠠᠶᠢᠴᠢᠯᠠᠬᠤ ᠰᠣᠷᠢᠯᠲᠠ ᠶᠢ ᠥᠷᠨᠢᠭᠦᠯᠵᠦ᠂ ᠲᠡᠷᠭᠡ ᠬᠥᠰᠬᠡ ᠪᠠ ᠪᠠᠭᠠᠵᠢ ᠬᠡᠷᠡᠭᠰᠡᠯ ᠲᠣᠨᠤᠭ ᠲᠥᠬᠦᠭᠡᠷᠦᠮᠵᠢ ᠶᠢ ᠪᠥᠬᠦ ᠲᠠᠯ᠎ᠠ ᠪᠠᠷ ᠪᠠᠶᠢᠴᠠᠭᠠᠬᠤ ᠪᠠ ᠠᠷᠠᠴᠢᠯᠠᠨ ᠬᠠᠮᠠᠭᠠᠯᠠᠵᠤ᠂ ᠪᠠᠭᠠᠵᠢ ᠬᠡᠷᠡᠭᠰᠡᠯ ᠲᠣᠨᠤᠭ ᠲᠥᠬᠦᠭᠡᠷᠦᠮᠵᠢ ᠶᠢ ᠴᠠᠭ ᠢᠮᠠᠭᠲᠠ ᠠᠮᠤᠷ ᠲᠦᠪᠰᠢᠨ ᠨᠠᠶᠢᠳᠠᠪᠤᠷᠢᠲᠠᠶ᠂ ᠪᠦᠷᠢᠨ ᠪᠦᠲᠦᠨ ᠰᠠᠶᠢᠨ ᠬᠡᠷᠡᠭᠯᠡᠬᠦ ᠪᠠᠶᠢᠳᠠᠯ ᠳᠤ ᠪᠠᠶᠢᠯᠭᠠᠬᠤ ᠶᠢ ᠦᠨᠡᠨᠬᠦ ᠪᠠᠲᠤᠯᠠᠵᠤ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠲᠠᠯᠪᠢᠵᠦ ᠥᠭᠪᠡ᠃        ᠬᠤᠶᠠᠷ ᠲᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠨᠢᠭᠲᠠ ᠲᠣᠭᠤᠷᠢᠨ ᠪᠠᠶᠢᠴᠠᠭᠠᠬᠤ ᠬᠡᠷᠡᠭᠲᠡᠶ᠃ ᠬᠠᠪᠤᠷ ᠤᠯᠠᠷᠢᠯ ᠤᠨ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠳᠤ ᠴᠢᠭᠯᠡᠭᠦᠯᠦᠨ᠂ ᠡᠯ᠎ᠡ ᠨᠢᠭᠡᠴᠡ ᠨᠦᠭᠦᠳ ᠵᠢᠵᠢᠭᠦᠷᠯᠡᠭᠴᠢ ᠶᠢ ᠡᠭᠡᠯᠵᠢᠯᠡᠨ ᠵᠢᠵᠢᠭᠦᠷᠯᠡᠨ ᠰᠠᠬᠢᠵᠤ᠂ ᠣᠶᠢᠲᠤ ᠭᠠᠵᠠᠷ᠂ ᠠᠭᠤᠯᠠᠨ ᠣᠷᠣᠢ᠂ ᠪᠤᠯᠠᠰᠢᠨ ᠭᠠᠵᠠᠷ᠂ ᠵᠠᠮ ᠤᠨ ᠠᠭᠤᠯᠵᠠᠷ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢ ᠴᠢᠩᠭ᠎ᠠ ᠠᠳᠬᠤᠵᠤ᠂  ᠲᠤᠭᠤᠷᠢᠨ ᠪᠠᠶᠢᠴᠠᠭᠠᠬᠤ ᠤᠳᠠᠭ᠎ᠠ ᠪᠠᠨ ᠨᠡᠮᠡᠭᠳᠡᠭᠦᠯᠦᠨ᠂ ᠲᠣᠭᠤᠷᠢᠨ ᠪᠠᠶᠢᠴᠠᠭᠠᠬᠤ ᠪᠠᠯᠠᠶ ᠣᠷᠣᠨ ᠢ ᠠᠷᠢᠯᠭᠠᠵᠤ᠂ ᠲᠠᠬᠢᠵᠦ ᠱᠦᠭᠦᠷᠳᠡᠬᠦ ᠲᠥᠪᠯᠡᠷᠡᠭᠰᠡᠨ ᠣᠷᠣᠨ ᠢ ᠭᠤᠤᠯᠳᠠᠯᠭ᠎ᠠ ᠲᠠᠢ ᠰᠡᠷᠭᠡᠶᠢᠯᠡᠨ ᠡᠵᠡᠮᠳᠡᠵᠦ᠂ ᠲᠤᠰᠬᠠᠶ ᠬᠥᠮᠦᠨ ᠢᠶᠠᠷ ᠬᠠᠷᠠᠵᠤ ᠬᠠᠮᠠᠭᠠᠯᠠᠵᠤ᠂ ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ ᠭᠡᠵᠦ ᠱᠠᠭᠠᠷᠳᠠᠪᠠ᠃        ᠭᠤᠷᠪᠠ ᠳᠤ ᠤᠬᠠᠭᠤᠯᠭ᠎ᠠ ᠪᠠᠨ ᠴᠢᠩᠭᠠᠳᠬᠠᠵᠤ᠂ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠶ᠃ ᠨᠢᠭᠡ ᠲᠠᠯ᠎ᠠ ᠪᠠᠷ᠂ ᠭᠤᠤᠯᠳᠠᠯᠭ᠎ᠠ ᠲᠠᠢ ᠭᠠᠯ ᠰᠡᠷᠭᠡᠶᠢᠯᠡᠬᠦ ᠣᠷᠣᠨ ᠳᠤ ᠭᠠᠯ ᠰᠡᠷᠭᠡᠶᠢᠯᠡᠬᠦ ᠤᠬᠠᠭᠤᠯᠭ᠎ᠠ ᠶᠢᠨ ᠪᠢᠴᠢᠭᠡᠰᠦ ᠡᠯᠭᠦᠵᠦ᠂ ᠣᠯᠠᠨ ᠲᠦᠮᠡᠨ ᠤ ᠭᠠᠯ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠦᠨ᠎ᠡ︔ ᠨᠥᠭᠦᠭᠡ ᠲᠠᠯ᠎ᠠ ᠪᠠᠷ᠂ ᠪᠣᠯᠪᠠᠰᠤᠨ ᠢᠶᠠᠷ ᠲᠠᠬᠢᠯᠭ᠎ᠠ ᠱᠦᠭᠦᠷᠳᠡᠯᠲᠡ ᠪᠠᠷ ᠭᠤᠤᠯ ᠰᠡᠳᠦᠪ ᠪᠣᠯᠭᠠᠭᠰᠠᠨ ᠣᠶ ᠰᠢᠭᠤᠶ ᠶᠢᠨ ᠭᠠᠯ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ︽ᠪᠤᠯᠪᠠᠰᠤᠨ ᠤ ᠠᠮᠤᠷ ᠲᠦᠪᠰᠢᠨ ᠤ ᠲᠠᠬᠢᠯᠭ᠎ᠠ︾ ᠶᠢᠨ ᠰᠠᠨᠠᠭᠠᠴᠢᠯᠠᠭ᠎ᠠ ᠶᠢᠨ ᠪᠢᠴᠢᠭ ᠪᠠᠭᠤᠯᠭᠠᠵᠤ᠂ ᠰᠠᠭᠤᠭᠠᠯᠢ ᠠᠷᠠᠳ ᠰᠦᠯᠵᠢᠶᠡᠨ ᠳᠡᠭᠡᠷᠡᠬᠢ ᠲᠠᠬᠢᠯᠭ᠎ᠠ ᠪᠤᠶᠤ ᠣᠷᠣᠯᠠᠨ ᠲᠠᠬᠢᠯᠭ᠎ᠠ ᠱᠦᠭᠦᠷᠳᠡᠯᠲᠡ ᠬᠢᠬᠦ ᠶᠢ ᠰᠠᠨᠠᠭᠠᠴᠢᠯᠠᠵᠤ᠂ ︽ᠤᠳᠠ ᠨᠡᠶᠢᠳᠡᠯᠡᠯ︾ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠢ ᠰᠦᠯᠵᠢᠶᠡᠨ ᠳᠡᠭᠡᠷᠡᠬᠢ ᠲᠠᠬᠢᠯᠭ᠎ᠠ ᠶᠢᠨ  ᠦᠢᠯᠡᠴᠢᠯᠡᠭᠡᠨ ᠤ ᠲᠠᠪᠴᠠᠩ ︽ᠦᠬᠠᠶ ᠶᠢᠨ ᠡᠭᠦᠯᠡᠨ ᠲᠠᠬᠢᠯᠭ᠎ᠠ︾ ᠶᠢ ᠨᠡᠶᠢᠲᠡᠯᠡᠵᠦ᠂ ᠥᠷᠭᠡᠨ ᠣᠯᠠᠨ ᠠᠷᠠᠳ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠬᠡᠪ ᠵᠠᠩᠰᠢᠯ ᠢ ᠨᠢ ᠬᠤᠪᠢᠷᠠᠭᠤᠯᠵᠤ᠂ ᠪᠣᠯᠪᠠᠰᠤᠨ ᠲᠠᠬᠢᠯᠭ᠎ᠠ ᠶᠢ ᠨᠢ ᠰᠡᠷᠭᠦᠭᠡᠬᠦ ᠶᠢᠨ ᠬᠠᠮᠲᠤ ᠣᠯᠠᠨ ᠲᠦᠮᠡᠨ ᠳᠤ ᠭᠠᠯ ᠤᠨᠲᠠᠷᠠᠭᠠᠬᠤ᠂ ᠠᠮᠢ ᠵᠢᠭᠤᠲᠠᠬᠤ ᠶᠡᠷᠦ ᠶᠢᠨ ᠮᠡᠳᠡᠯᠭᠡ ᠶᠢ ᠤᠬᠠᠭᠤᠯᠵᠤ᠂ ᠣᠯᠠᠨ ᠲᠦᠮᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ᠃
 
ᠢᠷᠡᠯᠲᠡ᠄ ᠦᠬᠠᠢ ᠬᠤᠲᠠ ᠶᠢᠨ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号