ᠰᠦᠯᠵᠢᠶᠡᠨ ᠤ ᠠᠵᠢᠯᠲᠠᠨ ᠬᠤᠭ ᠨᠣᠪᠰᠢ ᠶᠢ ᠠᠷᠢᠯᠭᠠᠨ ᠴᠡᠪᠡᠷᠯᠡᠵᠦ ᠣᠷᠴᠢᠨ ᠲᠣᠭᠤᠷᠢᠨ ᠢ ᠵᠠᠰᠠᠬᠤ  ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020-04-09
       ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠪᠠᠬᠢᠵᠢᠭᠦᠯᠦᠨ᠂ ᠬᠠᠷᠢᠶ᠎ᠠ ᠣᠷᠣᠨ ᠤ  ᠤᠷᠴᠢᠨ ᠲᠣᠭᠤᠷᠢᠨ ᠤ ᠳᠦᠷᠰᠦ ᠪᠠᠶᠢᠳᠠᠯ ᠢ ᠰᠠᠶᠢᠵᠢᠷᠠᠭᠤᠯᠵᠤ᠂ ᠬᠤᠲᠠ ᠴᠣᠭᠴᠠᠯᠠᠬᠤ ᠠᠵᠢᠯ ᠳᠤ ᠬᠦᠴᠦᠨ ᠨᠡᠮᠡᠷᠢᠯᠡᠬᠦ ᠶᠢᠨ ᠲᠤᠰᠠᠳᠠ᠂ ᠴᠠᠩ ᠳ᠋ᠠ ᠵᠢᠶᠠ ᠶᠤᠸᠠᠨ ᠨᠡᠶᠢᠭᠡᠮ ᠲᠣᠭᠤᠷᠢᠭ ᠤᠨ ᠠᠵᠢᠯᠲᠠᠨ ᠬᠢᠭᠡᠳ ᠵᠢᠵᠢᠭ ᠲᠣᠭᠤᠷᠢᠭ ᠤᠨ ᠰᠦᠯᠵᠢᠶᠡᠨ ᠤ ᠠᠵᠢᠯᠳᠠᠨ ᠢ ᠢᠳᠡᠪᠬᠢᠲᠡᠶ ᠪᠠᠷ ᠵᠣᠬᠢᠶᠠᠨ ᠪᠠᠶᠢᠭᠤᠯᠵᠤ᠂ ᠵᠢᠵᠢᠭ ᠲᠣᠭᠤᠷᠢᠭ ᠤᠨ ᠭᠠᠳᠠᠨᠠᠬᠢ ᠬᠤᠭ ᠨᠣᠪᠰᠢ ᠶᠢ ᠠᠷᠢᠯᠭᠠᠨ ᠴᠡᠪᠡᠷᠯᠡᠵᠦ᠂ ᠬᠠᠷᠢᠶ᠎ᠠ ᠣᠷᠣᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠪᠡᠷᠰᠢᠭᠦᠯᠪᠡ᠃        ᠣᠯᠠᠨ ᠢᠶᠠᠷ ᠢᠶᠠᠨ ᠳᠥᠭᠦᠮᠬᠡᠨ ᠠᠵᠢᠯ ᠤᠨ ᠬᠤᠪᠢᠶᠠᠷᠢᠯᠠᠯ ᠢᠶᠠᠷ ᠳᠠᠮᠵᠢᠨ᠂ ᠨᠡᠶᠢᠭᠡᠮ ᠲᠣᠭᠤᠷᠢᠭ ᠤᠨ ᠠᠵᠢᠯᠲᠠᠨ ᠤ ᠣᠯᠤᠨ ᠲᠣᠤᠷᠯᠠᠭᠴᠢ ᠶᠢᠨ ᠭᠠᠷ ᠥᠷᠥᠯᠪᠢ ᠵᠡᠷᠭᠡ ᠴᠡᠪᠡᠷᠯᠡᠬᠦ ᠪᠠᠭᠠᠵᠢ ᠶᠢ ᠠᠳᠬᠤᠵᠤ᠂ ᠵᠢᠵᠢᠭ ᠲᠣᠭᠤᠷᠢᠭ ᠤᠨ ᠭᠠᠳᠠᠨᠠᠬᠢ ᠬᠠᠶᠠᠭᠳᠠᠮᠠᠯ ᠴᠠᠭᠠᠰᠤ᠂ ᠤᠮᠳᠠᠭᠠᠨ ᠤ ᠪᠣᠭᠤᠳᠠᠯ ᠤᠨ ᠤᠭᠤᠲᠠ᠂ ᠠᠮᠢᠳᠤᠷᠠᠯ ᠤᠨ ᠬᠤᠭ ᠨᠣᠪᠰᠢ᠂ ᠰᠦᠯᠢᠶᠣᠣ ᠤᠭᠤᠲᠠ ᠵᠡᠷᠭᠡ ᠬᠤᠭ ᠨᠣᠪᠰᠢ ᠶᠢ ᠴᠡᠪᠡᠷᠯᠡᠵᠡᠶ᠃ ᠣᠯᠠᠨ ᠤ ᠴᠢᠷᠮᠠᠶᠢᠯᠭ᠎ᠠ ᠪᠠᠷ ᠳᠠᠮᠵᠢᠨ᠂ ᠰᠠᠭᠤᠭᠠᠯᠢ ᠲᠣᠭᠤᠷᠢᠭ ᠤᠨ ᠭᠠᠳᠠᠨᠠᠬᠢ ᠣᠷᠴᠢᠨ ᠲᠤᠭᠤᠷᠢᠨ ᠶᠡᠭᠡ ᠪᠠᠷ ᠰᠠᠶᠢᠵᠢᠷᠠᠪᠠ᠃        ᠵᠠᠯᠭᠠᠭᠠᠳ᠂ ᠴᠠᠩ ᠳ᠋ᠠ ᠵᠢᠶᠠ ᠶᠤᠸᠠᠨ ᠨᠡᠶᠢᠭᠡᠮ ᠲᠣᠭᠤᠷᠢᠭ ᠤᠨ ᠬᠢᠨ ᠬᠠᠷᠢᠶ᠎ᠠ ᠣᠷᠣᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠪᠣᠯᠪᠠᠰᠤᠨ᠂ ᠴᠡᠪᠡᠷ ᠴᠡᠮᠴᠡᠭᠡᠷ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ᠂ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠪᠣᠯᠤᠨ᠎ᠠ᠃
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号