ᠰᠤᠬᠠᠶᠢᠲᠤ ᠵᠡᠭᠡᠯᠢ ᠭᠤᠳᠤᠮᠵᠢ 2019 ᠣᠨ ᠤ ︽ᠠᠷᠢᠭᠤᠨ ᠴᠢᠬᠡᠴᠢ ᠺᠠᠳ᠋ᠷ︾ ᠢ ᠰᠢᠯᠭᠠᠷᠠᠭᠤᠯᠬᠤ | ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ︽ᠲᠦᠭᠡᠮᠡᠯ ᠰᠢᠯᠢᠳᠡᠭ ᠢ ᠰᠢᠯᠭᠠᠷᠠᠭᠤᠯᠤᠨ ᠰᠣᠩᠭᠤᠵᠤ᠂ ᠬᠡᠪ | ᠳᠠᠭᠤᠷᠢᠶᠠᠯ ᠢ ᠪᠤᠢ ᠪᠣᠯᠭᠠᠵᠤ᠂ ᠦᠨᠡᠨ ᠠᠴᠠ ᠵᠥᠪ ᠢ ᠡᠷᠢᠬᠦ᠂ ᠡᠷᠬᠡ ᠲᠡᠭᠰᠢ ᠲᠥᠪ ᠭᠤᠣᠯᠴᠢ ᠪᠠᠶᠢᠬᠤ᠂ ᠱᠠᠲᠤ | ᠱᠠᠲᠤ ᠪᠠᠷ ᠪᠣᠭᠤᠮᠲᠠ ᠰᠠᠬᠢᠬᠤ᠂ ᠴᠢᠩᠭ᠎ᠠ ᠬᠢᠨᠠᠨ ᠬᠠᠷᠭᠤᠭᠤᠯᠬᠤ︾ ᠵᠠᠷᠴᠢᠮ᠂ ᠤᠬᠠᠭᠤᠯᠬᠤ ᠡᠷᠴᠢᠮ ᠢᠶᠠᠨ | ᠴᠢᠩᠭᠠᠷᠠᠭᠤᠯᠵᠤ᠂ ᠺᠠᠳ᠋ᠷᠴᠤᠳ ᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ ᠮᠡᠳᠡᠭᠦᠯᠵᠦ᠂ ︽ᠠᠷᠢᠭᠤᠨ ᠴᠢᠬᠡᠴᠢ ᠬᠡᠪ | ᠰᠤᠷᠲᠠᠯ ᠰᠡᠷᠭᠦᠵᠦ᠂ ᠴᠠᠭ ᠠᠭᠤᠷ ᠰᠢᠨ᠎ᠡ︾ ᠠᠷᠢᠭᠤᠨ ᠴᠢᠬᠡᠴᠢ ᠠᠵᠢᠯᠯᠠᠬᠤ ᠭᠦᠨ ᠵᠤᠵᠠᠭᠠᠨ ᠠᠭᠤᠷ ᠠᠮᠢᠰᠬᠤᠯ ᠢ | ᠪᠣᠶ ᠪᠣᠯᠭᠠᠨ᠎ᠠ᠃ | ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ︽ᠠᠷᠢᠭᠤᠨ ᠴᠢᠬᠡᠴᠢ ᠺᠠᠳ᠋ᠷ︾ ᠢ ᠦᠨᠡᠯᠡᠨ | ᠲᠣᠭᠲᠠᠭᠠᠬᠤ ᠠᠵᠢᠯ ᠢ ᠥᠷᠨᠢᠭᠦᠯᠬᠦ ᠲᠤᠬᠠᠶ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠵᠡᠭᠡᠯᠢ | ᠭᠤᠳᠤᠮᠵᠢ ᠶᠢᠨ ᠰᠠᠬᠢᠯᠭ᠎ᠠ ᠪᠠᠲᠤ ᠪᠠᠶᠢᠴᠠᠭᠠᠬᠤ ᠠᠵᠢᠯ ᠤᠨ ᠬᠤᠷᠢᠶ᠎ᠠ ᠪᠣᠳᠠᠲᠤ ᠪᠠᠶᠢᠳᠠᠯ ᠲᠠᠢ ᠤᠶᠠᠯᠳᠤᠭᠤᠯᠵᠦ᠂ ︽ | ︿ᠠᠷᠢᠭᠤᠨ ᠴᠢᠬᠡᠴᠢ ᠺᠠᠳ᠋ᠷ﹀ ᠢ ᠦᠨᠡᠯᠡᠨ ᠲᠣᠭᠲᠠᠭᠠᠬᠤ ᠠᠵᠢᠯ ᠤᠨ ᠲᠥᠰᠦᠯ︾ ᠢ ᠲᠣᠭᠲᠠᠭᠠᠵᠤ᠂ ᠦᠨᠡᠯᠡᠨ | ᠲᠣᠭᠲᠠᠭᠠᠬᠤ ᠲᠥᠰᠦᠯ ᠢ ᠤᠯᠠᠮ ᠨᠢᠭᠡ ᠠᠯᠬᠤᠮ ᠨᠠᠷᠢᠯᠢᠭᠵᠢᠭᠤᠯᠤᠨ᠂ ᠰᠠᠶᠢᠨ ᠤ ᠳᠤᠮᠳᠠ ᠰᠢᠯᠢᠳᠡᠭ ᠢ ᠰᠣᠩᠭᠤᠵᠤ᠂ | ᠨᠡᠶᠢᠲᠡᠯᠢᠭ ᠵᠢᠱᠢᠶ᠎ᠡ ᠶᠢ ᠭᠦᠨᠵᠡᠭᠡᠢ ᠠᠭᠤᠳᠠᠯᠤᠨ᠎ᠠ᠃ ᠣᠳᠣᠬᠠᠨ ᠳᠤ᠂ ᠨᠥᠬᠦᠴᠡᠯ ᠳᠤ ᠨᠡᠶᠢᠴᠡᠭᠰᠡᠨ 36 ᠨᠠᠮ ᠤᠨ | ᠭᠡᠰᠢᠭᠦᠨ ᠺᠠᠳ᠋ᠷ ︽ᠠᠷᠢᠭᠤᠨ ᠴᠢᠬᠡᠴᠢ ᠺᠠᠳ᠋ᠷ︾ ᠢᠶᠠᠷ ᠭᠤᠶᠤᠴᠢᠯᠠᠨ ᠮᠡᠳᠡᠭᠦᠯᠵᠦ᠂ ︽ᠠᠷᠢᠭᠤᠨ ᠴᠢᠬᠡᠴᠢ ᠬᠡᠪ | ᠳᠠᠭᠤᠷᠢᠶᠠᠯ︾ ᠂ ︽ᠠᠷᠢᠭᠤᠨ ᠴᠢᠬᠡᠴᠢ ᠠᠵᠢᠯ ᠤᠨ ᠪᠠᠶᠢᠷᠢ︾ ᠂ ︽ᠠᠷᠢᠭᠤᠨ ᠴᠢᠬᠡᠴᠢ ᠨᠡᠶᠢᠭᠡᠮ ᠲᠣᠭᠤᠷᠢᠭ︾ ᠂ | ︽ᠠᠷᠢᠭᠤᠨ ᠴᠢᠬᠡᠴᠢ ᠬᠡᠪ ᠰᠤᠷᠲᠠᠯ ᠤᠨ ᠴᠣᠩᠬᠤ︾ ᠶᠢ ᠰᠢᠯᠭᠠᠷᠠᠭᠤᠯᠬᠤ ᠪᠠᠷ ᠲᠥᠯᠥᠪᠯᠡᠵᠦ ᠪᠣᠶ᠃ | ᠰᠢᠯᠭᠠᠨ ᠲᠣᠭᠲᠠᠭᠠᠬᠤ ᠶᠠᠪᠤᠴᠠ ᠳᠤ᠂ ᠵᠡᠭᠡᠯᠢ ᠭᠤᠳᠤᠮᠵᠢ ᠶᠢᠨ ᠬᠢᠨ ᠠᠷᠢᠭᠤᠨ ᠴᠢᠬᠡᠴᠢ ᠺᠠᠳ᠋ᠷ ᠤᠨ | ᠲᠡᠷᠢᠭᠦᠨ ᠤ ᠦᠢᠯᠡ ᠠᠵᠢᠯᠯᠠᠭ᠎ᠠ ᠶᠢ ᠭᠦᠨᠵᠡᠭᠡᠶ ᠠᠭᠤᠳᠠᠯᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ | ᠲᠦᠮᠡᠨ ᠤ ᠬᠥᠭᠵᠢᠯᠲᠡ ᠶᠢᠨ ᠢᠳᠡᠪᠬᠢ ᠬᠦᠴᠦᠨ ᠢ ᠨᠢᠭᠲᠠᠷᠠᠭᠤᠯᠬᠤ ᠶᠢ ᠵᠣᠷᠢᠭᠵᠢᠭᠤᠯᠵᠠᠶ᠃ ᠠᠷᠢᠭᠤᠨ ᠴᠢᠬᠡᠴᠢ᠂ | ᠠᠵᠢᠯ ᠬᠢᠬᠦ ᠰᠠᠨᠠᠭ᠎ᠠ ᠲᠠᠢ᠂ ᠠᠵᠢᠯ ᠬᠢᠵᠦ ᠴᠢᠳᠠᠬᠤ᠂ ᠠᠵᠢᠯ ᠪᠦᠲᠦᠭᠡᠵᠦ ᠴᠢᠳᠠᠬᠤ ᠰᠠᠶᠢᠨ ᠺᠠᠳ᠋ᠷ ᠲᠤ ᠲᠠᠪᠴᠠᠩ | ᠪᠠᠶᠢᠭᠤᠯᠵᠤ᠂ ᠤᠯᠤᠰ ᠲᠥᠷᠥ ᠶᠢᠨ ᠲᠠᠯ᠎ᠠ ᠪᠠᠷ ᠭᠡᠭᠡᠨ ᠰᠠᠷᠠᠭᠤᠯ᠂ ᠺᠠᠳ᠋ᠷ ᠤᠨ ᠲᠥᠪ ᠴᠢᠬᠡᠴᠢ ᠰᠠᠶᠢᠨ ᠰᠠᠶᠢᠬᠠᠨ | ᠤᠯᠤᠰ ᠲᠥᠷᠥ ᠶᠢᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃ | |