ᠤᠳᠠ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠭᠠᠶᠢᠯᠢ ᠲᠠᠲᠠᠪᠤᠷᠢ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠪᠡ
ᠨᠡᠶᠢᠲᠡᠯᠡᠭᠰᠡᠨ ᠴᠠᠭ᠄
2020-06-16
       ᠤᠳᠠ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠨᠢᠭᠡᠳᠦᠯᠲᠡᠶ ᠲᠥᠯᠥᠪᠯᠡᠨ ᠠᠬᠢᠭᠤᠯᠵᠤ᠂ ᠠᠷᠠᠳ ᠠᠴᠠ ᠡᠷᠬᠢᠯᠡᠭᠰᠡᠨ ᠭᠠᠶᠢᠯᠢ ᠳᠤ ᠳᠥᠭᠦᠮ ᠦᠵᠡᠭᠦᠯᠬᠦ ᠤᠷᠢᠬᠠᠨ ᠰᠠᠯᠬᠢᠨ ᠤ ᠠᠵᠢᠯᠯᠠᠭ᠎ᠠ ᠲᠠᠢ ᠤᠶᠠᠯᠳᠤᠭᠤᠯᠤᠨ ᠭᠠᠶᠢᠯᠢ ᠲᠤᠰᠢᠶᠠᠬᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠭᠠᠶᠢᠯᠢ ᠲᠠᠲᠠᠪᠤᠷᠢ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ︽ᠦᠯᠦ ᠬᠦᠷᠦᠯᠴᠡᠬᠦ ᠮᠠᠶ᠋ᠢᠭ︾ ᠤᠨ ᠭᠠᠶᠢᠯᠢ ᠲᠤᠰᠢᠶᠠᠬᠤ ᠦᠢᠯᠡᠴᠢᠯᠡᠭᠡ ᠶᠢ ᠥᠨᠳᠥᠷ ᠪᠦᠲᠦᠮᠵᠢᠲᠡᠢ ᠨᠠᠷᠢᠯᠢᠭ ᠪᠣᠳᠠᠲᠠᠢ ᠬᠢᠵᠦ᠂ ᠲᠤᠬᠠᠶ ᠶᠢᠨ ᠲᠠᠯᠠᠪᠤᠷ ᠲᠤ ᠭᠠᠶᠢᠯᠢ ᠭᠦᠢᠴᠡᠳᠭᠡᠵᠦ ᠰᠤᠶᠢᠳᠭᠡᠯ ᠲᠤᠰᠢᠶᠠᠬᠤ  ᠦᠢᠯᠡᠴᠢᠯᠡᠭᠡ ᠶᠢ ᠰᠢᠯᠢᠳᠡᠭᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠨ᠎ᠡ᠃        ︽ᠬᠦᠷᠦᠯᠴᠡᠬᠦ ᠦᠭᠡᠢ ᠬᠡᠯᠪᠡᠷᠢ︾ ᠶᠢᠨ ᠭᠠᠶᠢᠯᠢ ᠲᠤᠰᠢᠶᠠᠬᠤ ᠦᠢᠯᠡᠴᠢᠯᠡᠭᠡ ᠶᠢ ᠨᠠᠷᠢᠯᠢᠭ ᠬᠢᠵᠦ᠂ ᠠᠵᠤ ᠠᠬᠤᠶᠢᠯᠠᠯ ᠢ ᠭᠡᠷ ᠠᠴᠠ ᠪᠠᠨ ᠭᠠᠷᠭᠠᠬᠤ ᠦᠭᠡᠢ ᠪᠠᠷ ᠲᠣᠭᠲᠠᠭᠠᠭᠰᠠᠨ ᠤᠴᠢᠷ ᠶᠠᠪᠤᠳᠠᠯ ᠢ ᠭᠦᠢᠴᠡᠳᠬᠡᠯᠭᠡᠨ᠎ᠡ᠃ ᠭᠠᠶᠢᠯᠢ ᠶᠢᠨ ᠲᠣᠪᠴᠢᠶ᠎ᠠ ︽ᠭᠠᠶᠢᠯᠢ ᠳᠤ ᠬᠤᠯᠪᠣᠭᠳᠠᠬᠤ ᠤᠴᠢᠷ ᠶᠠᠪᠤᠳᠠᠯ ᠢ ᠰᠦᠯᠵᠢᠶᠡᠨ ᠳᠡᠭᠡᠷ᠎ᠡ ᠬᠢᠵᠦ᠂ ᠡᠷᠬᠡᠪᠰᠢ ᠴᠣᠩᠬᠤᠪᠴᠢ ᠦᠭᠡᠢ ᠪᠠᠶᠢᠬᠤ ᠵᠠᠷᠴᠢᠮ᠂ ᠪᠢᠴᠢᠯ ᠵᠠᠬᠢᠳᠠᠯ ᠤᠨ ᠪᠦᠯᠦᠭ᠂ ᠭᠠᠶᠢᠯᠢ ᠶᠢᠨ ᠲᠠᠪᠴᠠᠩ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠭᠠᠷ ᠤᠲᠠᠰᠤᠨ ᠤ APP ᠂ ᠥᠪᠡᠷᠲᠡᠭᠡᠨ ᠭᠠᠶᠢᠯᠢ ᠭᠦᠢᠴᠡᠳᠭᠡᠬᠦ ᠦᠵᠦᠭᠦᠷ ᠵᠡᠷᠭᠡ ︽ᠬᠦᠷᠦᠯᠴᠡᠬᠦ ᠦᠭᠡᠢ ᠬᠡᠯᠪᠡᠷᠢ︾ ᠶᠢᠨ ᠭᠠᠶᠢᠯᠢ ᠲᠤᠰᠢᠶᠠᠬᠤ ᠠᠷᠭ᠎ᠠ ᠶᠢ ᠶᠡᠬᠡᠪᠡᠷ ᠤᠬᠠᠭᠤᠯᠵᠤ᠂ ᠭᠠᠶᠢᠯᠢ ᠶᠢᠨ ᠶᠠᠪᠤᠳᠠᠯ ᠤᠨ ᠰᠦᠯᠵᠢᠶᠡᠨ ᠥᠷᠲᠡᠭᠡ᠂ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ᠂ ᠭᠠᠶᠢᠯᠢ ᠭᠦᠢᠴᠡᠳᠭᠡᠬᠦ ᠲᠢᠩᠬᠢᠮ ᠢᠶᠠᠷ ᠳᠠᠮᠵᠢᠭᠤᠯᠤᠨ ︽ᠦᠯᠦ ᠬᠦᠷᠦᠯᠴᠡᠬᠦ ᠮᠠᠶ᠋ᠢᠭ︾ ᠤᠨ ᠰᠦᠯᠵᠢᠶᠡᠨ ᠳᠡᠭᠡᠷ᠎ᠡ ᠭᠠᠶᠢᠯᠢ ᠭᠦᠢᠴᠡᠳᠭᠡᠬᠦ ᠰᠦᠢᠳᠬᠡᠯ ᠲᠤᠰᠢᠶᠠᠬᠤ ᠵᠦᠢᠯᠡᠰ ᠤᠨ ᠨᠠᠷᠢᠨ ᠳᠠᠩᠰᠠ ᠶᠢ ᠴᠠᠭ ᠲᠤᠬᠠᠶ ᠳᠤᠨᠢ ᠵᠠᠷᠯᠠᠨ ᠨᠡᠶᠢᠲᠡᠯᠡᠵᠦ᠂ ᠨᠠᠷᠢᠨ ᠬᠠᠭᠤᠳᠠᠰᠤ ᠶᠢᠨ ᠳᠣᠲᠣᠷᠠᠬᠢ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠭᠡᠬᠦ ᠶᠢ ᠪᠡᠶᠡᠯᠡᠭᠦᠯᠦᠨ᠎ᠡ᠃        ᠭᠠᠶᠢᠯᠢ ᠭᠦᠢᠴᠡᠳᠭᠡᠬᠦ ᠲᠢᠩᠬᠢᠮ ᠤᠨ ᠲᠤᠬᠠᠶ ᠶᠢᠨ ᠲᠠᠯᠠᠪᠤᠷ ᠤᠨ ᠭᠠᠶᠢᠯᠢ ᠭᠦᠢᠴᠡᠳᠭᠡᠵᠦ ᠰᠤᠶᠢᠳᠭᠡᠯ ᠲᠤᠰᠢᠶᠠᠬᠤ ᠦᠢᠯᠡᠴᠢᠯᠡᠭᠡ ᠶᠢ ᠪᠣᠳᠠᠲᠠᠶ ᠬᠢᠵᠦ᠂ ᠭᠠᠶᠢᠯᠢ ᠲᠤᠰᠢᠶᠠᠭᠴᠢ᠂ ᠰᠤᠶᠢᠳᠭᠡᠯ ᠲᠤᠰᠢᠶᠠᠭᠴᠢ ᠶᠢᠨ ᠭᠠᠶᠢᠯᠢ ᠭᠦᠢᠴᠡᠳᠭᠡᠵᠦ ᠰᠣᠶᠢᠳᠭᠡᠯ ᠲᠤᠰᠢᠶᠠᠬᠤ ᠠᠮᠤᠷ ᠲᠦᠪᠰᠢᠨ ᠳᠥᠭᠦᠮ ᠳᠥᠲᠡ ᠪᠠᠶᠢᠬᠤ ᠶᠢ ᠪᠠᠲᠤᠯᠠᠨ᠎ᠠ᠃ ᠤᠳᠠ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠭᠠᠶᠢᠯᠢ ᠭᠦᠢᠴᠡᠳᠭᠡᠬᠦ ᠲᠢᠩᠬᠢᠮ ᠤᠨ ᠡᠯ᠎ᠡ ᠴᠢᠳᠠᠮᠵᠢ ᠶᠢᠨ ᠣᠷᠣᠨ ᠪᠦᠰᠡ ᠶᠢᠨ ᠪᠠᠶᠢᠷᠢᠰᠢᠭᠤᠯᠤᠯᠲᠠ ᠳᠤ ᠲᠣᠬᠢᠷᠠᠭᠤᠯᠤᠯᠲᠠ ᠬᠢᠵᠦ᠂ ᠪᠠᠷᠢᠮᠲᠠ ᠶᠢ ᠣᠷᠣᠯᠠᠨ ᠪᠢᠴᠢᠵᠦ ᠥᠭᠬᠦ ᠪᠠ ᠠᠪᠴᠤ ᠬᠡᠷᠡᠭᠯᠡᠬᠦ ᠲᠤᠬᠠᠶᠢᠯᠠᠭᠰᠠᠨ ᠠᠵᠢᠯ ᠨᠢ ︽ᠥᠴᠦᠬᠡᠨ ᠴᠦ ᠬᠦᠷᠦᠯᠴᠡᠬᠦ ᠥᠬᠡᠶ︾ ᠪᠠᠶᠢᠬᠤ ᠶᠢ ᠪᠡᠶᠡᠯᠡᠭᠦᠯᠪᠡ᠃ ᠭᠠᠶᠢᠯᠢ ᠭᠦᠢᠴᠡᠳᠬᠡᠬᠦ ᠲᠢᠩᠬᠢᠮ ᠤᠨ ᠨᠢᠭᠡᠳᠦᠭᠡᠷ ᠹᠷᠣᠨᠲ ᠤᠨ ᠭᠠᠶᠢᠯᠢ ᠶᠢᠨ ᠶᠠᠪᠤᠳᠠᠯ ᠤᠨ ᠠᠵᠢᠯᠲᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠠᠮᠠᠭᠠᠯᠠᠬᠤ ᠠᠵᠢᠯ ᠢ ᠴᠢᠩᠭᠠᠳᠬᠠᠵᠤ᠂ ᠠᠩᠬ᠎ᠠ ᠤᠳᠠᠭ᠎ᠠ ᠠᠰᠠᠭᠤᠬᠤ ᠬᠠᠷᠢᠭᠤᠴᠠᠯᠭ᠎ᠠ ᠶᠢᠨ ᠳᠦᠷᠢᠮ ᠪᠣᠯᠤᠨ ᠤᠳᠤᠷᠢᠳᠤᠯᠭ᠎ᠠ ᠡᠭᠡᠯᠵᠢ ᠳᠠᠭᠠᠭᠤᠯᠬᠤ ᠳᠦᠷᠢᠮ ᠢ ᠨᠠᠶᠢᠳᠠᠪᠦᠷᠢᠵᠢᠭᠤᠯᠬᠤ᠂ ᠬᠢᠵᠢᠭ ᠰᠡᠷᠭᠡᠶᠢᠯᠡᠬᠦ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠵᠤ᠂ ᠲᠤᠬᠠᠶ ᠶᠢᠨ ᠲᠠᠯᠠᠪᠤᠷ ᠲᠤ ᠭᠠᠶᠢᠯᠢ ᠭᠦᠢᠴᠡᠳᠭᠡᠵᠦ ᠰᠤᠶᠢᠳᠭᠡᠯ ᠲᠤᠰᠢᠶᠠᠬᠤ ᠠᠮᠤᠷ ᠲᠦᠪᠰᠢᠨ ᠥᠨᠳᠥᠷ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠨ᠎ᠠ᠃         ᠭᠠᠶᠢᠯᠢ ᠲᠤᠰᠢᠶᠠᠬᠤ ᠦᠢᠯᠡᠴᠢᠯᠡᠭᠡ ᠪᠣᠯ ᠭᠠᠶᠢᠯᠢ ᠲᠠᠲᠠᠪᠤᠷᠢ ᠶᠢᠨ ᠠᠵᠢᠯ ᠤᠨ ᠴᠣᠩᠬᠤ ᠮᠥᠨ᠃ ᠤᠳᠠ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠴᠢᠨᠠᠷ ᠰᠠᠶᠢᠲᠠᠶ ᠦᠢᠯᠡᠴᠢᠯᠡᠭᠡᠨ ᠤ ᠪᠦᠯᠬᠦᠮ ᠤᠨ ᠪᠠᠶᠢᠭᠤᠯᠤᠯᠲᠠ ᠶᠢ ᠴᠢᠩᠭᠠᠳᠬᠠᠵᠤ᠂ ᠭᠠᠶᠢᠯᠢ ᠭᠦᠢᠴᠡᠳᠬᠡᠬᠦ ᠰᠦᠢᠳᠬᠡᠯ ᠲᠤᠰᠢᠶᠠᠬᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ︽ᠬᠥᠮᠦᠨ ᠪᠦᠬᠦᠨ ᠴᠣᠩᠬᠤ ᠪᠣᠯᠵᠤ᠂ ᠤᠴᠢᠷ ᠪᠣᠯᠭᠠᠨ ᠳᠤ  ᠦᠢᠯᠡᠴᠢᠯᠡᠭᠡ ᠲᠠᠢ ︾ ᠲᠤᠰᠬᠠᠶᠢᠵᠢᠭᠰᠠᠨ ᠦᠢᠯᠡᠴᠢᠯᠡᠭᠡᠨ ᠤ ᠪᠦᠯᠬᠦᠮ ᠤᠨ ᠬᠢᠨ ᠭᠠᠶᠢᠯᠢ ᠲᠤᠰᠢᠶᠠᠬᠤ  ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠰᠡᠷᠭᠦᠭᠡᠬᠦ ᠶᠢ ᠳᠡᠮᠵᠢᠬᠦ ᠡᠯ᠎ᠡ ᠵᠦᠢᠯ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ  ᠨᠠᠶᠢᠳᠠᠪᠦᠷᠢᠵᠢᠭᠤᠯᠬᠤ᠂ ᠭᠠᠶᠢᠯᠢ ᠲᠤᠰᠢᠶᠠᠭᠴᠢ ᠶᠢᠨ ᠬᠠᠨᠤᠮᠵᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃    
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号