ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠦᠢᠯᠡᠳᠪᠦᠷᠢᠯᠡᠬᠦ ᠴᠢᠳᠠᠪᠤᠷᠢ ᠶᠢ ᠪᠠᠳᠠᠷᠠᠭᠤᠯᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2020-06-16
       ᠤᠳᠠ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠡ ᠤᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠴᠢᠳᠠᠪᠤᠷᠢ ᠪᠠᠨ ᠪᠠᠳᠠᠷᠠᠭᠤᠯᠬᠤ ᠶᠢ ᠠᠬᠢᠭᠤᠯᠤᠨ᠎ᠠ᠃        ᠲᠤᠰ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠢᠩᠬᠢᠮ ᠤᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠲᠠᠪᠴᠠᠩ ᠤᠨ ︽ᠬᠠᠩᠭᠠᠯᠭ᠎ᠠ ᠬᠡᠷᠡᠭᠴᠡᠭᠡᠨ ᠤ ᠮᠡᠳᠡᠭᠡ ᠵᠠᠩᠭᠢ ᠶᠢᠨ ᠦᠢᠯᠡᠴᠢᠯᠡᠭᠡ︾ ᠶᠢᠨ ᠴᠢᠳᠠᠮᠵᠢ ᠶᠢ ᠭᠦᠢᠴᠡᠳ ᠠᠰᠢᠭᠯᠠᠵᠤ᠂ ᠵᠢᠶᠦ᠋ᠨ ᠵᠧᠩ᠂ ᠠᠮᠧᠷᠢᠺᠠ ᠶᠢᠨ ᠬᠡᠤᠷᠰᠢᠭᠦᠯᠬᠦ᠂ ᠳ᠋ᠦᠩ ᠶᠤᠸᠠᠨ᠂ ᠢ ᠬᠤᠸᠠ᠂ ᠾᠧᠩ ᠶᠧ ᠴᠧᠩ ᠵᠡᠷᠭᠡ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠭᠦᠢᠴᠡᠳᠭᠡᠯ ᠲᠤᠭ᠎ᠠ ᠶᠢ ᠪᠠᠶᠡᠯᠡᠭᠦᠯᠦᠭᠰᠡᠨ ᠪᠠᠶᠢᠳᠠᠯ ᠵᠢᠴᠢ ᠠᠵᠤ ᠠᠬᠤᠶᠢᠯᠠᠯ ᠤᠨ ᠭᠤᠤᠯ ᠦᠢᠯᠡᠳᠬᠦᠨ ᠤ  ᠦᠢᠯᠡᠳᠪᠦᠷᠢᠯᠡᠯ ᠤᠨ ᠪᠠᠶᠢᠳᠠᠯ ᠢ ᠰᠠᠷ᠎ᠠ ᠪᠦᠷᠢ ᠲᠣᠭᠲᠠᠭᠰᠠᠨ ᠴᠠᠭ ᠲᠠᠭᠠᠨ ᠳᠡᠭᠡᠭᠰᠢ ᠮᠡᠳᠡᠭᠦᠯᠵᠦ᠂ ᠨᠠᠷᠢᠯᠢᠭ ᠣᠨᠣᠴᠠᠲᠠᠶ ᠪᠠᠷ ᠵᠣᠯᠭᠠᠭᠤᠯᠬᠤ ᠶᠢ ᠪᠡᠶᠡᠯᠡᠭᠦᠯᠵᠦ᠂ ᠠᠵᠤ ᠠᠬᠤᠶᠢᠯᠠᠯ ᠢ ᠬᠠᠪᠰᠤᠷᠤᠨ ᠲᠦᠷᠭᠡᠨ ᠬᠠᠮᠲᠤᠷᠠᠯᠴᠠᠭᠠᠨ ᠤ ᠬᠠᠨᠢ ᠡᠷᠢᠭᠦᠯᠦᠨ᠎ᠡ᠃ ︽ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ ᠠᠷᠠᠯᠵᠢᠶ᠎ᠠ ᠬᠤᠳᠠᠯᠳᠤᠭᠠᠨ ᠤ  ᠦᠢᠯᠡᠴᠢᠯᠡᠭᠡᠨ ᠤ ᠦᠢᠯᠡᠰ ᠤᠨ ᠦᠢᠯᠡᠳᠪᠦᠷᠢᠯᠡᠯ ᠢᠶᠠᠨ ᠰᠡᠷᠭᠦᠭᠡᠬᠦ ᠲᠥᠷᠥ ᠶᠢᠨ ᠪᠣᠳᠣᠯᠭ᠎ᠠ ᠶᠢᠨ 50 ᠵᠤᠷᠪᠤᠰ︾ ︽ᠬᠢᠵᠢᠭ ᠤᠨ ᠪᠠᠶᠢᠳᠠᠯ ᠢ ᠠᠷᠭᠠᠴᠠᠬᠤ ᠳᠤᠮᠳᠠ ᠵᠢᠵᠢᠭ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠳᠡᠮᠵᠢᠬᠦ ᠠᠷᠭ᠎ᠠ ᠬᠡᠮᠵᠢᠶ᠎ᠡ︾ ᠶᠢᠨ ᠲᠣᠭᠤᠷᠢᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠠᠵᠤ ᠠᠬᠤᠶᠢᠯᠠᠯ ᠢ ᠬᠠᠪᠰᠤᠷᠤᠨ ᠡᠯ᠎ᠡ ᠲᠦᠷᠦᠯ ᠤᠨ ᠪᠡᠯᠡ ᠲᠣᠬᠢᠷᠠᠭᠤᠯᠭ᠎ᠠ ᠶᠢᠨ ᠵᠢᠭᠡᠯᠡᠯᠭᠡ ᠶᠢ ᠢᠳᠡᠪᠬᠢᠲᠡᠢ ᠳᠡᠭᠡᠭᠰᠢ ᠴᠢᠷᠮᠠᠶᠢᠨ ᠣᠯᠣᠨ᠎ᠠ᠃ ᠡᠭᠦᠨ ᠤ ᠳᠤ ᠬᠠᠮᠲᠤ᠂ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠱᠠᠩᠨᠠᠯ ᠤᠨ ᠪᠡᠯᠡ ᠮᠥᠩᠭᠦ ᠶᠢ ᠭᠤᠶᠤᠴᠢᠯᠠᠨ ᠮᠡᠳᠡᠭᠦᠯᠬᠦ᠂ ᠡᠭᠦᠨ ᠳᠤ᠂ ᠵᠢᠶᠦ᠋ᠨ ᠵᠧᠩ᠂ ᠶᠤᠸᠠᠨ ᠬᠤᠩ 2020 ᠣᠨ ᠤ ᠲᠥᠪ ᠠᠴᠠ ᠣᠷᠣᠨ ᠨᠤᠲᠤᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠭᠵᠢᠯᠲᠡ ᠶᠢ ᠬᠥᠲᠥᠯᠦᠨ ᠵᠢᠯᠣᠭᠤᠳᠬᠤ ᠪᠠᠯᠠ ᠮᠥᠩᠭᠦ ᠶᠢᠨ ᠲᠥᠷᠥᠯ ᠵᠦᠢᠯ᠂ ᠾᠧᠩ ᠶᠧ ᠴᠧᠩ᠂ ᠹᠸᠢ ᠱᠢ᠂ ᠮᠧᠢ ᠹᠠᠩ᠂ ᠯᠠᠨ ᠶᠠ ᠵᠡᠷᠭᠡ 12 ᠠᠵᠤ ᠠᠬᠤᠶᠢᠯᠠᠯ ᠤᠨ 16 ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠤ 2020 ᠣᠨ ᠤ ᠭᠤᠤᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠲᠤᠰᠬᠠᠶ ᠪᠠᠯᠠ ᠮᠥᠩᠭᠦ ᠶᠢ ᠭᠤᠶᠤᠴᠢᠯᠠᠨ ᠮᠡᠳᠡᠭᠦᠯᠵᠦ᠂ ᠹᠸᠢ ᠱᠢ᠂ ᠶᠤᠸᠠᠨ ᠬᠤᠩ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠠᠵᠤ ᠠᠬᠤᠶ ᠳᠤ ᠬᠦᠴᠦᠨ ᠨᠡᠮᠡᠷᠢᠯᠡᠬᠦ 2020︾ ᠭᠤᠤᠯᠳᠠᠯᠭ᠎ᠠ ᠲᠠᠢ ᠲᠤᠰᠬᠠᠶ ᠲᠥᠷᠥᠯ ᠵᠦᠢᠯ ᠢ ᠭᠤᠶᠤᠴᠢᠯᠠᠨ ᠮᠡᠳᠡᠭᠦᠯᠪᠡ︔ ᠬᠠᠷᠢᠶ᠎ᠠ ᠣᠷᠣᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠦᠬᠠᠶ ᠬᠤᠲᠠ ᠶᠢᠨ ᠬᠦᠴᠢᠷᠳᠡᠯᠲᠡᠶ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠨᠥᠬᠦᠪᠥᠷᠢ ᠶᠢ ᠪᠤᠴᠠᠭᠠᠯᠭᠠᠬᠤ ᠪᠠᠷ ᠮᠡᠳᠡᠭᠦᠯᠬᠦ ᠬᠡᠷᠡᠭᠲᠡᠶ᠃        ᠵᠠᠯᠭᠠᠭᠠᠳ᠂ ᠲᠤᠰ ᠲᠣᠪᠴᠢᠶ᠎ᠠ ᠲᠠᠪᠴᠠᠩ ᠤᠨ ᠠᠵᠤ ᠠᠬᠤᠢ ᠶᠢᠨ ᠦᠢᠯᠡᠳᠦᠯ ᠢ ᠪᠠᠳᠠᠷᠠᠭᠤᠯᠵᠤ᠂ ᠲᠠᠪᠴᠠᠩ ᠤᠨ ᠰᠡᠳᠬᠢᠬᠦᠶ ᠶᠢ ᠬᠡᠷᠡᠭᠯᠡᠨ ᠦᠷᠡᠵᠢᠭᠦᠯᠬᠦ ᠠᠷᠭ᠎ᠠ ᠪᠣᠯᠭᠠᠵᠤ᠂ ᠠᠵᠤ ᠦᠢᠯᠡᠳᠪᠦᠷᠢ ᠮᠡᠳᠡᠭᠡ ᠵᠠᠩᠭᠢ ᠶᠢᠨ ᠲᠢᠩᠬᠢᠮ ᠤᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠲᠠᠪᠴᠠᠩ᠂ ᠪᠠᠷᠠᠭᠤᠨ ᠬᠤᠶᠢᠲᠤ ᠶᠢᠨ ᠬᠢᠮᠢ ᠶᠢᠨ ᠲᠣᠤᠷ᠂ ᠹᠸᠢ ᠱᠢ ᠲᠠᠪᠴᠠᠩ᠂ ᠬᠠᠢ ᠢ ᠲᠦᠩ ᠵᠡᠷᠭᠡ ᠲᠠᠪᠴᠠᠩ ᠢ ᠠᠮᠢᠳᠤᠯᠢᠭ ᠬᠡᠷᠡᠭᠯᠡᠬᠦ ᠬᠡᠷᠡᠭᠲᠡᠶ᠃ ᠠᠵᠤ ᠠᠬᠤᠶᠢᠯᠠᠯ ᠢ ᠬᠠᠪᠰᠤᠷᠤᠨ ᠳᠡᠭᠡᠳᠦ ᠳᠣᠣᠷᠠᠳᠤ ᠤᠷᠤᠰᠬᠠᠯ ᠤᠨ ᠬᠠᠩᠭᠠᠯᠭ᠎ᠠ ᠶᠢᠨ ᠬᠡᠯᠬᠢᠶ᠎ᠡ ᠶᠢ ᠨᠡᠪᠲᠡᠷᠡᠭᠦᠯᠵᠦ᠂ ᠠᠵᠤ ᠠᠬᠤᠶᠢᠯᠠᠯ ᠤᠨ ᠲᠦᠭᠦᠬᠡᠶ ᠡᠳ᠋ ᠮᠠᠲ᠋ᠧᠷᠢᠶᠠᠯ᠂ ᠲᠡᠭᠡᠭᠡᠪᠦᠷᠢ᠂ ᠬᠥᠮᠥᠷᠭᠡ ᠶᠢᠨ ᠬᠠᠳᠠᠭᠠᠯᠠᠮᠵᠢ ᠳᠠᠷᠤᠭᠳᠠᠵᠤ ᠪᠠᠶᠢᠭ᠎ᠠ ᠵᠡᠷᠭᠡ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠢ ᠬᠠᠪᠰᠤᠷᠤᠨ ᠵᠠᠬ᠎ᠠ ᠳᠡᠯᠭᠡᠭᠦᠷ ᠢ ᠨᠡᠬᠡᠬᠡᠨ᠎ᠡ︔ ᠲᠥᠷᠥ ᠶᠢᠨ ᠪᠣᠳᠣᠯᠭ᠎ᠠ ᠶᠢᠨ ᠰᠤᠳᠤᠯᠭᠠᠨ ᠤᠬᠠᠭᠤᠯᠭ᠎ᠠ ᠶᠢ ᠳᠣᠪᠤᠶᠢᠯᠭᠠᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠶᠢᠨ ᠨᠡᠶᠢᠲᠡᠯᠡᠭᠰᠡᠨ ᠠᠵᠤ ᠠᠬᠤᠶᠢᠯᠠᠯ ᠤᠨ ᠬᠥᠭᠵᠢᠯᠲᠡ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠡᠳ᠋ ᠪᠣᠳᠠᠰ ᠤᠨ ᠪᠠᠲᠤᠯᠠᠭ᠎ᠠ ᠶᠢᠨ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢ ᠵᠣᠯᠭᠠᠭᠤᠯᠬᠤ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠦᠷᠢᠵᠢᠭᠤᠯᠬᠤ ᠶᠢ ᠦᠷᠭᠦᠯᠵᠢᠯᠡᠨ ᠠᠬᠢᠭᠤᠯᠤᠨ᠎ᠠ᠃ ᠨᠠᠩ ᠣᠯᠠᠨ ᠠᠵᠤ ᠠᠬᠤᠶᠢᠯᠠᠯ ᠳᠤ ᠪᠡᠯᠡ ᠲᠣᠬᠢᠷᠠᠭᠤᠯᠭ᠎ᠠ ᠣᠯᠭᠤᠬᠤ ᠪᠠᠷ ᠴᠢᠷᠮᠠᠶᠢᠨ᠎ᠠ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号