ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ᠠᠷᠪᠠᠨ ᠭᠤᠷᠪᠠᠳᠤᠭᠠᠷ ᠲᠠᠪᠤᠨ | ᠵᠢᠯ ᠤᠨ ᠲᠥᠯᠥᠪᠵᠢᠭᠦᠯᠭᠡ ᠶᠢᠨ ᠰᠡᠭᠦᠯ ᠤᠨ ᠵᠢᠯ ᠪᠣᠯᠤᠨ᠎ᠠ᠃ ᠪᠠᠰᠠ ᠴᠤ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠰᠢᠢᠳᠪᠦᠷᠢᠲᠦ ᠢᠯᠠᠯᠲᠠ ᠣᠯᠤᠭᠰᠠᠨ ᠵᠢᠯ ᠪᠣᠯᠤᠨ᠎ᠠ᠂ ᠰᠢᠨ᠎ᠡ | ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠦᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ | ᠳᠣᠣᠷ᠎ᠠ᠂ ᠤᠳᠠ ᠲᠣᠭᠤᠷᠢᠭ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ | ᠨᠠᠶᠢᠳᠠᠪᠦᠷᠢᠵᠢᠭᠤᠯᠬᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ | ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠦᠷᠢᠵᠢᠭᠤᠯᠬᠤ᠂ ᠬᠦᠴᠢᠷ ᠪᠡᠷᠬᠡᠰᠢᠶᠡᠯ ᠢ ᠢᠯᠠᠨ | ᠳᠠᠪᠠᠵᠤ᠂ ᠥᠷᠢᠰᠥᠯᠳᠦᠭᠡᠨ ᠢ ᠢᠯᠠᠨ ᠳᠠᠪᠠᠵᠤ᠂ ᠬᠥᠭᠵᠢᠯᠲᠡ ᠶᠢᠨ ᠰᠠᠨᠠᠭᠠᠴᠢᠯᠠᠭᠠᠲᠤ ᠪᠠᠶᠢᠷᠢ ᠶᠢ ᠣᠯᠬᠤ ᠪᠠᠷ | ᠴᠢᠷᠮᠠᠶᠢᠨ᠎ᠠ᠃ | ᠨᠢᠭᠡ᠂ ᠤᠳᠠ ᠲᠣᠭᠤᠷᠢᠭ ᠤᠨ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠤᠨ ᠦᠨᠳᠦᠰᠦᠨ | ᠪᠠᠶᠢᠳᠠᠯ | ︵ᠨᠢᠭᠡ︶ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠲᠠᠯ᠎ᠠ ᠪᠠᠷ᠃ 1 — 5 ᠰᠠᠷ᠎ᠠ ᠳᠤ᠂ | ᠰᠦᠯᠵᠢᠶᠡᠨ ᠳᠡᠭᠡᠷ᠎ᠡ ᠤᠷᠢᠵᠤ ᠡᠯᠰᠡᠬᠦ ᠶᠢ ᠵᠣᠬᠢᠶᠠᠨ ᠪᠠᠶᠢᠭᠤᠯᠬᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ | ᠠᠵᠢᠯ ᠤᠨ ᠪᠠᠶᠢᠷᠢ ᠶᠢ ᠨᠡᠭᠡᠭᠡᠬᠦ᠂ ᠠᠵᠤ ᠠᠬᠤᠶᠢᠯᠠᠯ ᠢ ᠲᠤᠰᠠᠯᠠᠨ ᠠᠵᠢᠯ ᠠᠯᠳᠠᠬᠤ ᠳᠠᠭᠠᠳᠬᠠᠯ ᠤᠨ ᠨᠦᠬᠦᠪᠦᠷᠢ | ᠣᠯᠭᠤᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠳᠡᠭᠡᠳᠦ ᠰᠤᠷᠭᠠᠭᠤᠯᠢ ᠲᠡᠭᠦᠰᠦᠭᠰᠡᠳ᠂ ᠬᠥᠯᠥᠰᠥᠨ ᠠᠵᠢᠯᠴᠢᠨ | ᠵᠡᠷᠭᠡ ᠭᠤᠤᠯᠳᠠᠯᠭ᠎ᠠ ᠲᠠᠢ ᠬᠠᠮᠲᠤᠯᠢᠭ ᠢ ᠬᠠᠪᠰᠤᠷᠤᠨ ᠡᠷᠲᠡᠬᠡᠨ ᠠᠵᠢᠯ ᠣᠯᠭᠤᠵᠤ᠂ ᠴᠠᠭ ᠲᠤᠬᠠᠶ ᠳᠤᠨᠢ ᠠᠵᠢᠯ ᠤᠨ | ᠪᠠᠶᠢᠷᠢ ᠳᠤᠨᠢ ᠪᠤᠴᠠᠭᠠᠵᠤ᠂ ᠬᠢᠵᠢᠭ ᠤᠨ ᠪᠠᠶᠢᠳᠠᠯ ᠤᠨ ᠠᠵᠢᠯ ᠣᠯᠭᠤᠯᠲᠠ ᠳᠤ ᠦᠵᠡᠭᠦᠯᠬᠦ ᠨᠥᠯᠥᠭᠡ ᠶᠢ ᠴᠢᠷᠮᠠᠶᠢᠨ | ᠪᠠᠭᠤᠷᠠᠭᠤᠯᠵᠤ᠂ ᠪᠦᠬᠦ ᠲᠤᠭᠤᠷᠢᠭ ᠤᠨ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ | ᠪᠠᠶᠢᠬᠤ ᠶᠢ ᠪᠠᠲᠤᠯᠠᠪᠠ᠃ 5 ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠲᠤᠭᠤᠷᠢᠭ ᠤᠨ ᠬᠤᠲᠠ ᠪᠠᠯᠭᠠᠰᠤᠨ ᠤ 588 | ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠵᠢᠯ ᠤᠨ ᠡᠭᠦᠷᠭᠡ ᠪᠠᠨ 42% ᠢᠶᠠᠷ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 5.9% ᠪᠠᠷ ᠪᠠᠭᠤᠷᠠᠪᠠ︔ ᠠᠵᠢᠯ ᠠᠯᠳᠠᠭᠰᠠᠨ 244 ᠬᠥᠮᠦᠨ ᠳᠤ ᠳᠠᠬᠢᠨ ᠠᠵᠢᠯ | ᠣᠯᠭᠤᠵᠤ᠂ ᠵᠢᠯ ᠤᠨ ᠲᠥᠯᠥᠪᠯᠡᠭᠡ ᠶᠢᠨ 54% ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8. | 4% ᠪᠠᠷ ᠨᠡᠮᠡᠭᠳᠡᠪᠡ᠃ | ︵ᠬᠤᠶᠠᠷ︶ ᠮᠥᠩᠭᠦᠨ ᠭᠦᠢᠯᠭᠡᠭᠡ ᠶᠢ ᠲᠣᠭᠲᠠᠭᠤᠨ ᠪᠠᠶᠢᠯᠭᠠᠬᠤ ᠲᠠᠯ᠎ᠠ ᠪᠠᠷ᠃ ᠨᠢᠭᠡ ᠳᠤ ᠥᠪᠡᠷᠲᠡᠭᠡᠨ | ᠵᠠᠰᠠᠬᠤ ᠣᠷᠣᠨ᠂ ᠦᠬᠠᠶ ᠬᠤᠲᠠ ᠶᠢᠨ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠤᠳᠣᠯᠭ᠎ᠠ ᠶᠢ ᠢᠳᠡᠪᠬᠢᠲᠡᠢ | ᠨᠠᠶᠢᠳᠠᠪᠦᠷᠢᠵᠢᠭᠤᠯᠬᠤ ᠂ ᠤᠰᠤ᠂ ᠴᠠᠬᠢᠯᠭᠠᠨ᠂ ᠮᠠᠰᠢᠨ ᠵᠡᠷᠭᠡ ᠬᠠᠮᠢᠶᠠᠷᠤᠯᠲᠠ ᠶᠢᠨ ᠰᠠᠯᠠᠭ᠎ᠠ ᠮᠥᠴᠢᠷ ︽ᠰᠣᠶᠢᠳᠭᠡᠯ | ᠥᠷᠢᠲᠦᠵᠦ ᠲᠠᠰᠤᠷᠠᠯᠲᠠ ᠥᠬᠡᠶ ᠬᠠᠩᠭᠠᠬᠤ︾ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠤ | ᠠᠬᠤᠶᠢᠯᠠᠯ ᠤᠨ ᠬᠡᠪ ᠤᠨ ᠦᠢᠯᠡᠳᠪᠦᠷᠢᠯᠡᠯ ᠢ ᠪᠦᠲᠦᠮᠵᠢᠲᠡᠶ ᠪᠠᠲᠤᠯᠠᠪᠠ᠃ ᠬᠤᠶᠠᠷ ᠲᠤ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠭᠤᠤᠯᠳᠠᠯᠭ᠎ᠠ ᠲᠠᠢ ᠠᠵᠤ ᠠᠬᠤᠶᠢᠯᠠᠯ ᠢ ᠬᠠᠪᠰᠤᠷᠤᠨ ᠡᠯ᠎ᠡ ᠲᠥᠷᠥᠯ ᠤᠨ ᠪᠡᠯᠡ | ᠲᠣᠬᠢᠷᠠᠭᠤᠯᠭ᠎ᠠ ᠶᠢᠨ ᠵᠢᠭᠡᠯᠡᠯᠭᠡ ᠶᠢ ᠲᠡᠮᠡᠴᠡᠨ ᠣᠯᠬᠤ ᠬᠡᠷᠡᠭᠲᠡᠶ᠃ ᠣᠳᠣᠬᠠᠨ ᠳᠤ ᠵᠧᠩ ᠸᠧᠶ᠂ ᠢ ᠬᠤᠸᠠ᠂ ᠳ᠋ᠦᠩ | ᠶᠤᠸᠠᠨ᠂ ᠵᠢᠶᠠ ᠷᠦᠢ ᠮᠢ ᠨᠢᠭᠡᠨᠲᠡ 7500 ᠲᠦᠮᠡᠨ ᠲᠥᠭᠦᠷᠢᠭ ᠤᠨ ᠵᠢᠭᠡᠯᠡᠯᠭᠡ ᠣᠯᠵᠤ᠂ ᠬᠤᠩ ᠢᠦᠶ᠂ ᠢ | ᠬᠠᠶ᠂ ᠵᠥᠩ ᠰᠢᠨ ᠾᠧ ᠴᠤᠸᠠᠩ᠂ ᠬᠤᠸᠠ ᠳ᠋ᠢᠶᠠᠨ᠂ ᠰᠢᠩ ᠹᠠ ᠵᠡᠷᠭᠡ ᠠᠵᠤ ᠠᠬᠤᠶᠢᠯᠠᠯ ᠶᠠᠭ ᠢᠳᠡᠪᠬᠢᠲᠡᠶ | ᠵᠠᠯᠭᠠᠯᠳᠤᠵᠤ ᠪᠠᠶᠢᠨ᠎ᠠ᠃ ᠭᠤᠷᠪᠠ ᠳᠤ᠂ ᠪᠥᠬᠦ ᠲᠤᠭᠤᠷᠢᠭ ᠤᠨ ᠮᠥᠩᠭᠦᠨ ᠭᠦᠢᠯᠭᠡᠭᠡᠨ ᠤ ᠡᠮᠬᠢ ᠵᠢᠷᠤᠮ | ᠲᠣᠭᠲᠠᠭᠤᠨ ᠪᠠᠶᠢᠳᠠᠯ ᠳᠤ ᠣᠷᠣᠰᠢᠵᠤ᠂ 10 ᠪᠠᠩᠬᠢ᠂ 15 ᠳᠠᠭᠠᠳᠬᠠᠯ ᠤᠨ ᠺᠣᠮᠫᠠᠨᠢ ᠨᠢᠭᠡᠨᠲᠡ ᠬᠡᠪ ᠤᠨ | ᠶᠣᠰᠣᠭᠠᠷ ᠡᠵᠡᠩᠨᠡᠪᠡ᠃ | ︵ᠭᠤᠷᠪᠠ︶ ᠭᠠᠳᠠᠭᠠᠳᠤ ᠠᠷᠠᠯᠵᠢᠶ᠎ᠠ ᠶᠢ ᠲᠣᠭᠲᠠᠭᠤᠨ ᠪᠠᠶᠢᠯᠭᠠᠬᠤ ᠲᠠᠯ᠎ᠠ ᠪᠠᠷ᠃ ᠦᠬᠠᠶ ᠶᠢᠨ ᠣᠯᠠᠨ | ᠤᠯᠤᠰ ᠠᠴᠠ ᠡᠬᠡ ᠬᠠᠭᠤᠷᠠᠶ ᠶᠢᠨ ᠭᠠᠷᠠᠮ᠂ ᠦᠬᠠᠶ ᠬᠤᠲᠠ ᠶᠢᠨ ᠭᠠᠳᠠᠭᠠᠳᠤ ᠠᠴᠠ ᠣᠷᠣᠭᠤᠯᠬᠤ ᠭᠠᠳᠠᠭᠠᠳᠤ ᠳᠤ | ᠭᠠᠷᠭᠠᠬᠤ ᠨᠡᠶᠢᠭᠡᠮᠯᠢᠭ ᠵᠡᠷᠭᠡ ᠳᠤ ᠲᠦᠰᠢᠭᠯᠡᠨ ᠭᠠᠷᠠᠮ᠂ ᠲᠡᠭᠡᠭᠡᠪᠦᠷᠢ ᠵᠡᠷᠭᠡ ᠭᠤᠭᠴᠤᠭ᠎ᠠ ᠶᠢᠨ ᠥᠪᠡᠷ ᠤᠨ | ᠥᠷᠲᠡᠭ ᠢ ᠪᠠᠭᠤᠷᠠᠭᠤᠯᠵᠤ᠂ ᠮᠥᠩᠭᠦᠨ ᠭᠦᠢᠯᠭᠡᠭᠡᠨ ᠤ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ | ᠦᠢᠯᠡᠴᠢᠯᠡᠭᠡᠨ ᠤ ᠭᠠᠳᠠᠭᠠᠳᠤ ᠠᠷᠠᠯᠵᠢᠶᠠᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠭᠠᠳᠠᠭᠠᠳᠤ ᠪᠡᠯᠡ ᠶᠢᠨ | ᠭᠠᠳᠠᠭᠠᠳᠤ ᠠᠷᠠᠯᠵᠢᠶᠠᠨ ᠤ ᠲᠣᠭᠲᠠᠭᠤᠨ ᠨᠡᠮᠡᠭᠳᠡᠯ ᠢ ᠪᠦᠬᠦ ᠬᠦᠴᠦᠨ ᠢᠶᠠᠷ ᠠᠬᠢᠭᠤᠯᠤᠨ᠎ᠠ᠃ 1 — 4 ᠰᠠᠷ᠎ᠠ ᠳᠤ | ᠂ ᠤᠳᠠ ᠲᠣᠭᠤᠷᠢᠭ ᠤᠨ ᠭᠠᠳᠠᠭᠠᠳᠤ ᠠᠷᠠᠯᠵᠢᠶᠠᠨ ᠤ ᠶᠡᠷᠦᠩᠬᠡᠶ ᠲᠤᠭ᠎ᠠ 1.8 ᠳ᠋ᠦᠩᠰᠢᠭᠤᠷ ᠲᠦᠭᠦᠷᠢᠭ ᠢ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 19% ᠪᠠᠷ ᠨᠡᠮᠡᠭᠳᠡᠪᠡ᠃ ᠪᠥᠬᠦ ᠬᠤᠲᠠ ᠶᠢᠨ ᠭᠠᠳᠠᠭᠠᠳᠤ | ᠠᠷᠠᠯᠵᠢᠶᠠᠨ ᠤ ᠶᠡᠷᠦᠩᠬᠡᠶ ᠲᠣᠭᠠᠨ ᠤ 73% ᠶᠢ ᠡᠵᠡᠯᠡᠪᠡ᠃ ᠡᠭᠦᠨ ᠳᠤ ᠭᠠᠳᠠᠭᠠᠳᠤ ᠳᠤ ᠭᠠᠷᠭᠠᠭᠰᠠᠨ ᠲᠤᠭ᠎ᠠ 1. | 3 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠭᠠᠳᠠᠭᠠᠳᠤ ᠠᠴᠠ ᠣᠷᠣᠭᠤᠯᠤᠭᠰᠠᠨ ᠲᠤᠭ᠎ᠠ 0.5 ᠳ᠋ᠦᠩᠰᠢᠭᠤᠷ | ᠲᠥᠭᠦᠷᠢᠭ ᠢ ᠪᠡᠶᠡᠯᠡᠭᠦᠯᠪᠡ᠃ | ︵ᠳᠥᠷᠪᠡᠨ︶ ᠭᠠᠳᠠᠭᠠᠳᠤ ᠪᠡᠯᠡ ᠶᠢ ᠲᠣᠭᠲᠠᠭᠤᠨ ᠪᠠᠶᠢᠯᠭᠠᠬᠤ ᠲᠠᠯ᠎ᠠ ᠪᠠᠷ᠃ ᠭᠤᠤᠯᠳᠠᠯᠭ᠎ᠠ ᠲᠠᠢ | ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠪᠠᠲᠤᠯᠠᠨ ᠬᠠᠮᠠᠭᠠᠯᠠᠯᠲᠠ ᠶᠢ ᠳᠠᠭᠠᠭᠠᠴᠠᠯᠠᠬᠤ ᠦᠢᠯᠡᠴᠢᠯᠡᠭᠡᠨ ᠤ | ᠳᠦᠷᠢᠮ ᠢ ᠪᠠᠶᠢᠭᠤᠯᠵᠤ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ ᠵᠣᠯᠭᠠᠭᠤᠯᠬᠤ ᠳᠤ | ᠭᠦᠨᠵᠡᠭᠡᠶᠢᠷᠡᠨ᠂ ᠠᠵᠤ ᠠᠬᠤᠶᠢᠯᠠᠯ ᠢ ᠬᠠᠪᠰᠤᠷᠤᠨ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠭᠠᠶᠢᠯᠢ | ᠲᠠᠲᠠᠪᠤᠷᠢ ᠶᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃ ᠠᠵᠤ ᠠᠬᠤᠶᠢᠯᠠᠯ ᠤᠨ | ᠳᠠᠷᠤᠭᠠᠰᠤ ᠶᠢ ᠣᠯᠠᠨ ᠠᠷᠭ᠎ᠠ ᠵᠠᠮ ᠢᠶᠠᠷ ᠬᠥᠩᠭᠡᠷᠡᠭᠦᠯᠦᠨ᠎ᠡ᠃ ᠪᠥᠬᠦ ᠲᠤᠭᠤᠷᠢᠭ ᠤᠨ 1 ᠭᠠᠳᠠᠭᠠᠳᠤ ᠪᠡᠯᠡ ᠶᠢᠨ | ᠠᠵᠤ ᠠᠬᠤᠶᠢᠯᠠᠯ ᠤᠨ ᠺᠠ ᠪᠥᠸᠧ ᠲᠧ ᠬᠡᠪ ᠤᠨ ᠶᠣᠰᠣᠭᠠᠷ ᠦᠢᠯᠡᠳᠪᠦᠷᠢᠯᠡᠵᠦ᠂ ᠭᠠᠳᠠᠭᠠᠳᠤ ᠠᠴᠠ ᠣᠷᠣᠭᠤᠯᠬᠤ | ᠲᠥᠬᠦᠭᠡᠷᠦᠮᠵᠢ ᠶᠢ ᠨᠢᠭᠡᠨᠲᠡ ᠪᠦᠬᠦᠨ ᠢ ᠪᠣᠳᠠᠲᠠᠶᠢᠵᠢᠭᠤᠯᠪᠠ᠃ | ︵ᠲᠠᠪᠤ︶ ᠪᠡᠯᠡ ᠣᠷᠣᠭᠤᠯᠤᠯᠲᠠ ᠶᠢ ᠲᠣᠭᠲᠠᠭᠤᠨ ᠪᠠᠶᠢᠯᠭᠠᠬᠤ ᠲᠠᠯ᠎ᠠ ᠪᠠᠷ᠃ ︽ᠨᠢᠭᠡ ᠠᠵᠤ ᠠᠬᠤᠶᠢᠯᠠᠯ | ᠨᠢᠭᠡ ᠠᠷᠭ᠎ᠠ ᠪᠣᠳᠣᠯᠭ᠎ᠠ ᠨᠢᠭᠡ ᠲᠤᠰᠬᠠᠶ ᠠᠩᠭᠢ︾ ᠶᠢ ᠬᠡᠷᠡᠭᠵᠢᠭᠦᠯᠵᠦ᠂ ᠬᠥᠮᠦᠨ ᠤ ᠭᠦᠢᠯᠭᠡᠭᠡ᠂ ᠪᠠᠷᠠᠭ᠎ᠠ ᠶᠢᠨ | ᠭᠦᠢᠯᠭᠡᠭᠡᠨ ᠤ ᠲᠦᠭᠵᠢᠷᠡᠯ ᠢ ᠪᠦᠬᠦ ᠬᠦᠴᠦᠨ ᠢᠶᠠᠷ ᠨᠡᠪᠲᠡᠷᠡᠭᠦᠯᠵᠦ᠂ ᠠᠵᠢᠯᠴᠢᠨ ᠬᠡᠷᠡᠭᠯᠡᠬᠦ᠂ ᠭᠠᠵᠠᠷ ᠬᠡᠷᠡᠭᠯᠡᠬᠦ᠂ | ᠪᠡᠯᠡ ᠮᠥᠩᠭᠦ ᠵᠡᠷᠭᠡ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠠᠵᠢᠯ ᠢᠶᠠᠨ | ᠡᠬᠢᠯᠡᠭᠦᠯᠵᠦ ᠦᠢᠯᠡᠳᠪᠦᠷᠢᠯᠡᠯ ᠢᠶᠠᠨ ᠰᠡᠷᠭᠦᠭᠡᠬᠦ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠶᠠᠪᠤᠴᠠ ᠳᠤ ᠲᠤᠯᠭᠠᠷᠠᠭᠰᠠᠨ ᠬᠦᠴᠢᠷ ᠠᠰᠠᠭᠤᠳᠠᠯ ᠢ ᠬᠠᠪᠰᠤᠷᠤᠨ ᠵᠣᠬᠢᠴᠠᠭᠤᠯᠵᠤ᠂ ᠠᠵᠤ ᠠᠬᠤᠶᠢᠯᠠᠯ ᠤᠨ ᠢᠲᠡᠭᠡᠯ | ᠵᠣᠷᠢᠭ ᠢᠶᠠᠨ ᠪᠠᠲᠤᠳᠬᠠᠨ᠂ ᠬᠦᠴᠢᠷ ᠪᠡᠷᠬᠡᠰᠢᠶᠡᠯ ᠢ ᠬᠠᠮᠲᠤᠪᠠᠷ ᠲᠤᠭᠤᠯᠬᠤ ᠶᠢ ᠬᠦᠲᠦᠯᠦᠨ ᠵᠢᠯᠣᠭᠤᠳᠴᠤ | ᠵᠣᠷᠢᠭᠵᠢᠭᠤᠯᠤᠨ᠎ᠠ᠃ ᠣᠳᠣ ᠪᠣᠯᠲᠠᠯ᠎ᠠ ᠮᠠᠨ ᠤ ᠲᠤᠭᠤᠷᠢᠭ ᠤᠨ 83 ᠭᠤᠤᠯᠳᠠᠯᠭ᠎ᠠ ᠲᠠᠢ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠶᠡᠷᠦᠩᠬᠡᠶ ᠪᠡᠯᠡ ᠤᠷᠤᠭᠤᠯᠤᠯᠲᠠ 439.9 ᠳ᠋ᠦᠩᠰᠢᠭᠤᠷ ᠲᠥᠭᠦᠷᠢᠭ ᠲᠤ | ᠬᠦᠷᠴᠦ᠂ 11.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠨᠢᠭᠡᠨᠲᠡ ᠪᠡᠶᠡᠯᠡᠭᠦᠯᠪᠡ᠃ 59 ᠠᠵᠢᠯ | ᠡᠬᠢᠯᠡᠭᠦᠯᠵᠦ᠂ ᠠᠵᠢᠯ ᠰᠡᠷᠭᠦᠭᠡᠭᠰᠡᠨ ᠨᠣᠷᠮ᠎ᠠ 71.1% ᠳᠤ ᠬᠦᠷᠴᠡᠶ᠃ | ︵ᠵᠢᠷᠭᠤᠭ᠎ᠠ︶ ᠵᠢᠱᠢᠯᠲᠡ ᠶᠢ ᠲᠣᠭᠲᠠᠭᠤᠨ ᠪᠠᠶᠢᠯᠭᠠᠬᠤ ᠲᠠᠯ᠎ᠠ ᠪᠠᠷ᠃ ᠡᠨᠡ ᠵᠢᠯ ᠠᠴᠠ ᠨᠠᠰᠢ᠂ ᠰᠢᠨ᠎ᠡ | ᠲᠢᠲᠢᠮ ᠤᠨ ᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ ᠶᠢ ᠬᠦᠷᠲᠡᠵᠦ᠂ ᠠᠵᠤ ᠠᠬᠤᠶᠢᠯᠠᠯ ᠤᠨ | ᠠᠵᠢᠯ ᠢᠶᠠᠨ ᠰᠡᠷᠭᠦᠭᠡᠬᠦ ᠴᠠᠭ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠬᠤᠶᠠᠷ ᠰᠠᠷ᠎ᠠ ᠣᠷᠣᠶ | ᠪᠣᠯᠵᠠᠶ᠃ 3 ᠳ᠋ᠤᠭᠠᠷ ᠰᠠᠷ᠎ᠠ ᠳᠤ ᠠᠵᠢᠯ ᠡᠬᠢᠯᠡᠭᠦᠯᠦᠭᠰᠡᠨ ᠪᠠ ᠠᠵᠢᠯ ᠰᠡᠷᠭᠦᠭᠡᠭᠰᠡᠨ ᠨᠣᠷᠮ᠎ᠠ 96.3% ᠳᠤ | ᠬᠦᠷᠴᠦ᠂ ᠨᠢᠭᠡᠳᠦᠭᠡᠷ ᠤᠯᠠᠷᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ | 2 ᠳ᠋ᠤᠭᠠᠷ ᠰᠠᠷ᠎ᠠ ᠶᠢᠨ ᠰᠡᠭᠦᠯᠴᠢ ᠠᠴᠠ 2.8 ᠵᠠᠭᠤᠨ ᠤ ᠨᠢᠭᠡᠴᠢ ᠳᠡᠭᠡᠭᠰᠢᠯᠡᠪᠡ᠃ ᠭᠡᠪᠡᠴᠦ ᠪᠦᠬᠦ ᠳᠡᠯᠡᠬᠡᠶ ᠶᠢᠨ | ᠬᠢᠵᠢᠭ ᠤᠨ ᠪᠠᠶᠢᠳᠠᠯ ᠳᠡᠯᠭᠡᠷᠡᠬᠦ ᠶᠢ ᠳᠠᠭᠠᠯᠳᠤᠨ᠂ ᠭᠠᠳᠠᠭᠠᠳᠤ ᠠᠴᠠ ᠣᠷᠣᠭᠤᠯᠬᠤ ᠭᠠᠳᠠᠭᠠᠳᠤ ᠳᠤ ᠭᠠᠷᠭᠠᠬᠤ | ᠠᠷᠠᠯᠵᠢᠶ᠎ᠠ ᠬᠢᠵᠠᠭᠠᠷᠯᠠᠭᠳᠠᠵᠤ᠂ ᠠᠵᠤ ᠠᠬᠤᠶᠢᠯᠠᠯ ᠤᠨ ᠳᠡᠭᠡᠳᠦ ᠳᠣᠣᠷᠠᠳᠤ ᠤᠷᠤᠰᠬᠠᠯ ᠤᠨ ᠬᠠᠩᠭᠠᠯᠭ᠎ᠠ ᠶᠢᠨ | ᠬᠡᠯᠬᠢᠶ᠎ᠡ ᠶᠢᠨ ᠠᠵᠢᠯ ᠢᠶᠠᠨ ᠰᠡᠷᠭᠦᠭᠡᠬᠦ ᠴᠠᠭ ᠤᠨ ᠬᠠᠮᠵᠢᠯᠴᠠᠭ᠎ᠠ ᠳᠤ ᠬᠦᠴᠢᠷᠲᠡᠶ ᠪᠠᠶᠢᠵᠤ᠂ ᠦᠢᠯᠡᠳᠭᠦᠨ ᠤ | ᠪᠣᠷᠣᠯᠠᠭᠤᠯᠭ᠎ᠠ ᠶᠢᠨ ᠵᠠᠮ ᠢ ᠪᠦᠷᠢᠮᠦᠰᠦᠨ ᠰᠡᠷᠭᠦᠭᠡᠵᠦ ᠴᠢᠳᠠᠭᠰᠠᠨ ᠦᠭᠡᠢ᠂ ᠪᠦᠬᠦ ᠲᠤᠭᠤᠷᠢᠭ ᠤᠨ ᠠᠵᠤ | ᠦᠢᠯᠡᠳᠪᠦᠷᠢ ᠶᠢᠨ ᠠᠵᠤ ᠠᠬᠤᠢ ᠶᠢᠨ ᠪᠠᠭᠤᠷᠠᠬᠤ ᠳᠠᠷᠤᠯᠲᠠ ᠨᠡᠯᠢᠶᠡᠳ ᠶᠡᠭᠡ᠂ ᠵᠢᠱᠢᠯᠲᠡ ᠪᠠᠷ ᠠᠵᠤ | ᠠᠬᠤᠶᠢᠯᠠᠯ ᠤᠨ ᠶᠡᠭᠡ ᠬᠡᠮᠵᠢᠶᠡᠨ ᠤ ᠦᠢᠯᠡᠳᠭᠦᠨ ᠤ ᠦᠨ᠎ᠡ ᠪᠠᠭᠤᠷᠠᠵᠤ᠂ ᠬᠠᠳᠠᠭᠠᠯᠠᠮᠵᠢ ᠶᠢᠨ ᠳᠠᠷᠤᠭᠳᠠᠯ ᠢ ᠣᠬᠤᠷ | ᠬᠤᠭᠤᠴᠠᠭᠠᠨ ᠳᠤ ᠪᠦᠲᠦᠮᠵᠢᠲᠡᠶ ᠨᠠᠮᠳᠠᠭᠤᠯᠬᠤ ᠦᠭᠡᠶ ᠪᠣᠯᠬᠤᠷ ᠳᠠᠷᠠᠭᠠᠴᠢ ᠶᠢᠨ ᠠᠯᠬᠤᠮ ᠳᠤ ᠥᠪᠡᠷᠲᠡᠭᠡᠨ ᠵᠠᠰᠠᠬᠤ | ᠣᠷᠣᠨ᠂ ᠦᠬᠠᠶ ᠬᠤᠲᠠ ᠶᠢᠨ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠤᠳᠣᠯᠭ᠎ᠠ ᠶᠢ ᠦᠷᠭᠦᠯᠵᠢᠯᠡᠨ | ᠨᠠᠶᠢᠳᠠᠪᠤᠷᠢᠵᠢᠭᠤᠯᠵᠠᠶ᠃ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠦᠬᠦ ᠬᠦᠴᠦᠨ ᠢᠶᠠᠷ ᠢᠶᠠᠨ | ᠠᠬᠢᠭᠤᠯᠵᠤ᠂ ᠳᠣᠣᠷ᠎ᠠ ᠬᠠᠭᠠᠰ ᠵᠢᠯ ᠳᠤ ᠠᠯᠬᠤᠮ ᠠᠯᠬᠤᠮ ᠢᠶᠠᠷ ᠲᠣᠭᠲᠠᠭᠤᠨ ᠪᠣᠯᠬᠤ ᠪᠣᠯᠤᠨ᠎ᠠ᠃ | ᠬᠤᠶᠠᠷ᠂ ︽ᠵᠢᠷᠭᠤᠭᠠᠨ ᠪᠠᠲᠤᠯᠠᠭ᠎ᠠ︾ ᠶᠢᠨ ᠡᠭᠦᠷᠭᠡ ᠶᠢ ᠨᠠᠶᠢᠳᠠᠪᠦᠷᠢᠵᠢᠭᠤᠯᠬᠤ ᠳᠤ ᠣᠷᠣᠰᠢᠵᠤ ᠪᠠᠶᠢᠭ᠎ᠠ | ᠠᠰᠠᠭᠤᠳᠠᠯ | 1᠂ ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ | ᠵᠠᠯᠭᠠᠯᠳᠤᠭᠠᠪᠠᠷ ᠠᠵᠢᠯ ᠡᠬᠢᠯᠡᠵᠦ᠂ ᠠᠵᠢᠯᠴᠢᠨ ᠬᠡᠷᠡᠭᠯᠡᠬᠦ ᠳᠠᠯᠳᠠ ᠬᠡᠷᠡᠭᠴᠡᠭᠡ ᠮᠥᠨ ᠣᠷᠣᠰᠢᠭᠰᠠᠭᠠᠷ ᠪᠠᠶᠢᠨ᠎ᠠ᠃ | ᠣᠳᠣᠬᠠᠨ ᠳᠤ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠠᠵᠤ ᠦᠢᠯᠡᠰ ᠤᠨ ᠤᠷ᠎ᠠ ᠴᠢᠳᠠᠪᠤᠷᠢ ᠶᠢᠨ | ᠴᠢᠳᠠᠪᠦᠷᠢᠳᠠᠨ ᠤ ᠬᠡᠷᠡᠭᠴᠡᠭᠡ ᠦᠨᠳᠦᠰᠦᠨ ᠳᠡᠭᠡᠨ ᠬᠠᠩᠭᠠᠭᠳᠠᠵᠤ ᠪᠠᠶᠢᠨ᠎ᠠ᠂ ᠭᠡᠪᠡᠴᠦ ᠳᠣᠤᠷ᠎ᠠ ᠬᠠᠭᠠᠰ ᠵᠢᠯ ᠳᠤ | ᠰᠢᠨ᠎ᠡ ᠪᠠᠷ ᠠᠵᠢᠯ ᠡᠬᠢᠯᠡᠭᠦᠯᠦᠭᠰᠡᠨ 8 ᠠᠵᠤ ᠠᠬᠤᠶᠢᠯᠠᠯ ᠳᠤ ᠳᠡᠭᠡᠳᠦ ᠲᠠᠰ ᠤᠨ ᠴᠢᠳᠠᠪᠤᠷᠢᠲᠠᠨ ᠵᠢᠴᠢ ᠠᠵᠤ | ᠦᠢᠯᠡᠰ ᠤᠨ ᠤᠷ᠎ᠠ ᠴᠢᠳᠠᠪᠤᠷᠢ ᠶᠢᠨ ᠴᠢᠳᠠᠪᠤᠷᠢᠲᠠᠨ ᠤ ᠬᠡᠷᠡᠭᠴᠡᠭᠡ ᠪᠠᠷᠤᠭ 300 ᠭᠠᠷᠤᠶ ᠬᠥᠮᠦᠨ ᠣᠷᠣᠰᠢᠵᠤ | ᠪᠠᠶᠢᠨ᠎ᠠ᠃ | 2᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠬᠦ ᠴᠢᠳᠠᠪᠤᠷᠢ ᠶᠢ ᠭᠦᠢᠴᠡᠳ | ᠪᠠᠳᠠᠷᠠᠭᠤᠯᠤᠭᠰᠠᠨ ᠦᠭᠡᠢ᠂ ᠪᠡᠯᠡ ᠮᠥᠩᠭᠦ ᠳᠤᠲᠠᠭᠳᠠᠵᠤ ᠪᠠᠶᠢᠭ᠎ᠠ ᠠᠰᠠᠭᠤᠳᠠᠯ ᠲᠤᠪᠤᠶᠢᠮ᠎ᠠ ᠪᠠᠶᠢᠨ᠎ᠠ᠃ ᠣᠯᠠᠨ | ᠤᠯᠤᠰ ᠠᠴᠠ ᠰᠢᠨ᠎ᠡ ᠲᠢᠲᠢᠮ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠦᠷᠭᠦᠯᠵᠢᠯᠡᠨ ᠬᠦᠨᠳᠦ | ᠨᠣᠴᠢᠲᠠᠶ ᠪᠠᠶᠢᠬᠤ ᠶᠢ ᠳᠠᠭᠠᠯᠳᠤᠨ᠂ ᠵᠠᠬ᠎ᠠ ᠳᠡᠯᠭᠡᠭᠦᠷ ᠤᠨ ᠪᠦᠬᠦᠯᠢ ᠴᠣᠭᠴᠠ ᠶᠢᠨ ᠣᠷᠴᠢᠨ ᠲᠣᠭᠤᠷᠢᠨ ᠢ ᠬᠦᠨᠳᠦ | ᠨᠣᠴᠢᠲᠠᠶ ᠨᠥᠯᠥᠭᠡᠯᠡᠵᠦ᠂ ᠦᠢᠯᠡᠳᠭᠦᠨ ᠤ ᠦᠨ᠎ᠡ ᠬᠠᠩᠰᠢ ᠦᠷᠭᠦᠯᠵᠢᠯᠡᠨ ᠳᠣᠤᠷ᠎ᠠ ᠪᠠᠶᠢᠷᠢᠨ ᠳᠤ ᠶᠠᠪᠤᠭᠳᠠᠬᠤ | ᠪᠣᠯᠤᠨ᠎ᠠ᠃ ᠠᠵᠤ ᠠᠬᠤᠶᠢᠯᠠᠯ ᠤᠨ ᠬᠥᠭᠵᠢᠯᠲᠡ ᠶᠢᠨ ᠲᠠᠯ᠎ᠠ ᠠᠴᠠ ᠦᠵᠡᠪᠡᠯ᠂ ᠦᠢᠯᠡᠳᠪᠦᠷᠢᠯᠡᠬᠦ ᠴᠢᠳᠠᠪᠤᠷᠢ | ᠬᠦᠷᠦᠯᠴᠡᠬᠦ ᠦᠭᠡᠶ ᠪᠠᠶᠢᠬᠤ ᠪᠠ ᠦᠢᠯᠡᠳᠭᠦᠨ ᠤ ᠦᠨ᠎ᠡ ᠬᠠᠩᠰᠢ ᠶᠢᠨ ᠪᠠᠭᠤᠷᠠᠯᠲᠠ ᠶᠢᠨ ᠬᠦᠴᠦᠨ ᠵᠦᠢᠯ ᠤᠨ | ᠬᠠᠮᠲᠤ ᠶᠢᠨ ᠨᠥᠯᠥᠭᠡ ᠪᠠᠷ ᠪᠡᠯᠡ ᠮᠥᠩᠭᠦ ᠳᠤᠲᠠᠭᠳᠠᠬᠤ ᠠᠰᠠᠭᠤᠳᠠᠯ ᠠᠭᠠᠵᠢᠮ ᠢᠶᠠᠷ ᠢᠯᠡᠷᠡᠵᠡᠶ᠃ | ᠦᠢᠯᠡᠳᠪᠦᠷᠢᠯᠡᠯ ᠢ ᠪᠠᠲᠤᠯᠠᠬᠤ ᠶᠠᠪᠤᠳᠠᠯ ᠣᠳᠣᠬᠠᠨ ᠤ ᠭᠤᠤᠯ ᠡᠭᠦᠷᠭᠡ ᠪᠣᠯᠪᠠ᠃ | 3᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠢᠲᠡᠭᠡᠯ ᠴᠢᠩᠭ᠎ᠠ ᠪᠤᠰᠤ ᠪᠠᠶᠢᠵᠤ᠂ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠤᠳᠠᠭᠠᠰᠢᠷᠠᠪᠠ᠃ ᠬᠢᠵᠢᠭ ᠭᠠᠷᠤᠭᠰᠠᠨ ᠠᠴᠠ ᠨᠠᠰᠢ᠂ | ᠬᠡᠷᠡᠭᠴᠡᠭᠡ ᠪᠣᠯᠤᠨ ᠦᠢᠯᠡᠳᠪᠦᠷᠢᠯᠡᠯ ᠭᠡᠨᠡᠳᠲᠡ ᠪᠠᠭᠤᠷᠠᠵᠤ᠂ ᠪᠡᠯᠡ ᠤᠷᠤᠭᠤᠯᠤᠯᠲᠠ᠂ ᠬᠡᠷᠡᠭᠯᠡᠭᠡ᠂ ᠭᠠᠳᠠᠭᠠᠳᠤ | ᠭᠠᠷᠭᠠᠯᠲᠠ ᠴᠥᠮ ᠢᠯᠡᠳᠲᠡ ᠳᠠᠭᠠᠷᠢᠯᠲᠠ ᠳᠤ ᠤᠴᠠᠷᠠᠪᠠ᠃ ᠳᠣᠣᠷᠠᠳᠤ ᠤᠷᠤᠰᠬᠠᠯ ᠤᠨ ᠠᠵᠤ ᠠᠬᠤᠶᠢᠯᠠᠯ ᠤᠨ | ᠦᠢᠯᠡᠳᠪᠦᠷᠢᠯᠡᠬᠦ ᠴᠢᠳᠠᠪᠤᠷᠢ ᠶᠢᠨ ᠪᠠᠳᠠᠷᠠᠭᠤᠯᠤᠯᠲᠠ ᠬᠦᠷᠦᠯᠴᠡᠬᠦ ᠦᠭᠡᠢ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠪᠡᠯᠡ ᠲᠣᠬᠢᠷᠠᠭᠤᠯᠭ᠎ᠠ ᠶᠢᠨ ᠪᠠᠷᠢᠮᠵᠢᠶ᠎ᠠ ᠥᠨᠳᠥᠷ᠂ ᠵᠢᠭᠡᠯᠡᠯᠭᠡ ᠶᠢᠨ ᠪᠡᠯᠡ ᠮᠥᠩᠭᠦ ᠪᠠᠭ᠎ᠠ᠂ ᠬᠦᠦ | ᠮᠥᠩᠭᠦ ᠶᠢᠨ ᠨᠣᠷᠮ᠎ᠠ ᠥᠨᠳᠥᠷ ᠵᠡᠷᠭᠡ ᠠᠰᠠᠭᠤᠳᠠᠯ ᠤᠨ ᠨᠥᠯᠥᠭᠡ ᠠᠴᠠ ᠪᠣᠯᠵᠤ᠂ ᠠᠵᠤ ᠠᠬᠤᠶᠢᠯᠠᠯ ᠵᠠᠬ᠎ᠠ | ᠳᠡᠯᠭᠡᠭᠦᠷ ᠤᠨ ᠪᠠᠶᠢᠳᠠᠯ ᠢ ᠦᠨᠳᠦᠰᠦᠯᠡᠨ ᠪᠡᠯᠡ ᠣᠷᠣᠭᠤᠯᠤᠯᠲᠠ ᠶᠢᠨ ᠲᠥᠯᠥᠪᠯᠡᠭᠡ ᠪᠠᠷ ᠲᠣᠬᠢᠷᠠᠭᠤᠯᠵᠤ᠂ ᠬᠡᠰᠡᠭ | ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ ᠶᠢ ᠲᠦᠷ ᠬᠤᠶᠢᠰᠢᠯᠠᠭᠤᠯᠵᠤ᠂ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠠᠬᠢᠴᠠ ᠤᠳᠠᠭᠠᠨ ᠪᠠᠶᠢᠨ᠎ᠠ᠃ | ᠭᠤᠷᠪᠠ᠂ ᠲᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠬᠡᠮᠵᠢᠶ᠎ᠡ ᠵᠢᠴᠢ ᠰᠠᠨᠠᠭᠤᠯᠭ᠎ᠠ | ︵ᠨᠢᠭᠡ︶ ᠠᠵᠤ ᠦᠢᠯᠡᠰ ᠤᠨ ᠮᠡᠷᠭᠡᠵᠢᠯ ᠴᠢᠳᠠᠪᠤᠷᠢ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ | ᠬᠦᠮᠦᠵᠢᠭᠦᠯᠬᠦ ᠡᠷᠴᠢᠮ ᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠶ᠃ ᠨᠢᠭᠡ ᠳᠤ᠂ ᠵᠠᠰᠠᠭ ᠤᠨ ᠣᠷᠳᠣᠨ ᠪᠣᠯᠤᠨ | ᠰᠤᠷᠭᠠᠭᠤᠯᠢ ᠶᠢᠨ ᠠᠵᠤ ᠠᠬᠤᠶᠢᠯᠠᠯ ᠤᠨ ᠬᠠᠮᠵᠢᠯᠴᠠᠭᠠᠨ ᠤ ᠭᠦᠨᠴᠡ ᠪᠤᠯᠤᠨ ᠪᠦᠷᠬᠦᠴᠡ ᠶᠢᠨ ᠬᠡᠪᠴᠢᠶ᠎ᠡ ᠶᠢ | ᠥᠷᠭᠡᠳᠬᠡᠵᠡᠶ᠃ ᠥᠪᠥᠷ ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠯᠤᠭ᠎ᠠ ᠢᠳᠡᠪᠬᠢᠲᠠᠢ ᠬᠠᠮᠲᠤᠷᠠᠯᠴᠠᠵᠤ᠂ ᠢ ᠬᠤᠸᠠ᠂ ᠵᠢᠶᠠ ᠷᠦᠢ ᠮᠢ᠂ ᠳ᠋ᠦᠩ ᠶᠤᠸᠠᠨ ᠵᠡᠷᠭᠡ 7 | ᠠᠵᠤ ᠠᠬᠤᠶᠢᠯᠠᠯ᠂ 418 ᠠᠵᠤ ᠠᠬᠤᠶᠢᠯᠠᠯ ᠤᠨ ᠠᠵᠢᠯᠲᠠᠨ ᠠᠵᠢᠯᠴᠢᠨ ᠳᠤ ᠰᠤᠷᠤᠯᠭ᠎ᠠ ᠶᠢᠨ ᠨᠠᠮᠲᠠᠷ ᠢᠶᠠᠨ | ᠳᠡᠭᠡᠭᠰᠢᠯᠡᠭᠦᠯᠬᠦ ᠪᠣᠯᠪᠠᠰᠤᠷᠠᠯ ᠥᠷᠨᠢᠭᠦᠯᠬᠦ ᠪᠠᠷ ᠲᠥᠯᠥᠪᠯᠡᠵᠦ ᠪᠣᠶ︔ ᠵᠢᠶᠦ᠋ᠨ ᠵᠧᠩ᠂ ᠰᠢᠩ ᠹᠠ 2 ᠠᠵᠤ | ᠠᠬᠤᠶᠢᠯᠠᠯ᠂ 179 ᠠᠵᠤ ᠠᠬᠤᠶᠢᠯᠠᠯ ᠤᠨ ᠠᠵᠢᠯᠲᠠᠨ ᠠᠵᠢᠯᠴᠢᠨ ᠳᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠪᠣᠯᠪᠠᠰᠤᠷᠠᠯ ᠥᠷᠨᠢᠭᠦᠯᠵᠦ᠂ ᠠᠵᠤ ᠠᠬᠤᠶᠢᠯᠠᠯ ᠤᠨ ᠮᠡᠷᠭᠡᠵᠢᠯ ᠴᠢᠳᠠᠪᠤᠷᠢ ᠶᠢᠨ ᠴᠢᠳᠠᠪᠤᠷᠢᠲᠠᠨ ᠢ ᠬᠥᠮᠦᠵᠢᠭᠦᠯᠬᠦ | ᠡᠷᠴᠢᠮ ᠢ ᠪᠦᠲᠦᠮᠵᠢᠲᠡᠶ ᠴᠢᠩᠭᠠᠷᠠᠭᠤᠯᠤᠨ᠎ᠠ᠃ ᠬᠤᠶᠠᠷ ᠲᠤ ︽3 + 2 ᠵᠠᠭᠪᠤᠷ︾ ᠢ ᠪᠠᠲᠤᠯᠠᠪᠠ᠃ ᠦᠬᠠᠶ | ᠬᠤᠲᠠ ᠶᠢᠨ 30% ᠶᠢᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠥᠨᠳᠥᠷ ᠵᠡᠷᠭᠡ ᠶᠢᠨ ᠳᠤᠮᠳᠠᠳᠤ | ᠰᠣᠷᠭᠠᠭᠤᠯᠢ ᠳᠤ ᠳᠠᠪᠰᠢᠨ ᠤᠷᠤᠭᠰᠠᠨ ᠥᠬᠡᠶ ᠰᠣᠷᠣᠭᠴᠢ ᠶᠢ ᠠᠭᠤᠳᠠᠯᠵᠤ᠂ ᠥᠪᠥᠷ ᠮᠣᠩᠭᠤᠯ ᠤᠨ ᠬᠢᠮᠢ ᠶᠢᠨ | ᠠᠵᠤ ᠦᠢᠯᠡᠳᠪᠦᠷᠢ ᠶᠢᠨ ᠳᠡᠭᠡᠳᠦ ᠰᠤᠷᠭᠠᠭᠤᠯᠢ᠂ ᠦᠬᠠᠶ ᠶᠢᠨ ᠠᠵᠢᠯ ᠮᠡᠷᠭᠡᠵᠢᠯ ᠤᠨ ᠰᠤᠷᠭᠠᠭᠤᠯᠢ ᠯᠤᠭ᠎ᠠ | ᠬᠠᠮᠲᠤᠷᠠᠨ 60 ᠬᠦᠮᠦᠨ ᠤ ︽ᠵᠠᠬᠢᠶᠠᠯᠠᠭ᠎ᠠ ᠶᠢᠨ ᠠᠩᠭᠢ︾ ᠶᠢ ᠵᠣᠬᠢᠶᠠᠨ ᠪᠠᠶᠢᠭᠤᠯᠤᠨ᠎ᠠ᠃ | ︵ᠬᠤᠶᠠᠷ︶ ᠲᠥᠷᠥᠯ ᠵᠦᠢᠯ ᠤᠨ ᠲᠣᠬᠢᠷᠠᠭᠤᠯᠤᠯᠲᠠ ᠶᠢ ᠴᠢᠩᠭᠠᠷᠠᠭᠤᠯᠵᠤ᠂ ᠲᠥᠷᠥᠯ ᠵᠦᠢᠯ ᠤᠨ | ᠮᠥᠷᠳᠡᠨ ᠦᠢᠯᠡᠴᠢᠯᠡᠬᠦ ᠶᠢ ᠰᠠᠶᠢᠲᠤᠷ ᠬᠢᠬᠦ ᠬᠡᠷᠡᠭᠲᠡᠶ᠃ ᠳᠠᠭᠠᠭᠠᠴᠢᠯᠠᠨ ᠬᠤᠯᠪᠣᠭᠠᠯᠠᠬᠤ ᠠᠵᠢᠯ ᠤᠨ ᠲᠣᠭᠲᠠᠴᠠ ᠶᠢ | ᠨᠠᠶᠢᠳᠠᠪᠦᠷᠢᠵᠢᠭᠤᠯᠬᠤ᠂ ᠳᠠᠯᠳᠠ ᠦᠢᠯᠡᠳᠪᠦᠷᠢᠯᠡᠯ ᠤᠨ ᠬᠦᠴᠦᠨ ᠢ ᠭᠦᠨᠵᠡᠭᠡᠶ ᠠᠭᠤᠳᠠᠯᠵᠤ ᠠᠯᠢ ᠲᠦᠷᠭᠡᠨ ᠢᠶᠠᠷ | ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠵᠤ᠂ ᠠᠰᠢᠭᠯᠠᠯᠲᠠ ᠳᠤ ᠣᠷᠣᠭᠤᠯᠤᠨ ᠦᠷ᠎ᠡ | ᠪᠦᠲᠦᠮᠵᠢ ᠤᠯᠬᠤ ᠶᠢ ᠠᠯᠢ ᠲᠦᠷᠭᠡᠨ ᠢᠶᠠᠷ ᠪᠡᠶᠡᠯᠡᠬᠦᠯᠦᠨ᠎ᠡ᠃ ᠡᠭᠦᠨ ᠤ ᠬᠠᠮᠲᠤ᠂ ᠣᠷᠣᠨ ᠨᠤᠲᠤᠭ ᠤᠨ ᠵᠠᠰᠠᠭ ᠤᠨ | ᠣᠷᠳᠣᠨ ᠤ ᠲᠤᠰᠬᠠᠶ ᠵᠦᠢᠯ ᠤᠨ ᠥᠷᠢ ᠰᠢᠷᠢ ᠣᠯᠬᠤ ᠠᠵᠢᠯ ᠢ ᠰᠠᠶᠢᠲᠤᠷ ᠬᠢᠵᠦ᠂ ᠨᠥᠭᠡᠴᠡ ᠴᠢᠨᠠᠷ ᠰᠠᠶᠢᠲᠠᠶ | ᠲᠥᠷᠥᠯ ᠵᠦᠢᠯ ᠢᠶᠠᠷ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠵᠦ᠂ ᠡᠯ᠎ᠡ ᠲᠥᠷᠥᠯ ᠤᠨ ᠠᠵᠤ | ᠠᠬᠤᠶᠢᠯᠠᠯ᠂ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠭᠠᠳᠠᠭᠠᠳᠤ ᠠᠷᠠᠯᠵᠢᠶᠠᠨ ᠤ ᠠᠵᠤ | ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠬᠠᠪᠰᠤᠷᠤᠨ ᠣᠨᠴᠠᠭᠠᠶ ᠬᠦᠴᠢᠷ | ᠪᠤᠭᠤᠮᠲᠠ ᠶᠢ ᠲᠤᠭᠤᠯᠵᠤ᠂ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠨ᠎ᠠ᠃ ︽ᠳᠣᠲᠣᠭᠠᠳᠤ ᠬᠡᠷᠡᠭᠴᠡᠭᠡ ᠶᠢ | ᠬᠦᠴᠦᠯᠡᠨ ᠥᠷᠭᠡᠳᠬᠡᠬᠦ᠂ ᠦᠢᠯᠡᠳᠪᠦᠷᠢᠯᠡᠯ ᠢᠶᠠᠨ ᠰᠡᠷᠭᠦᠭᠡᠬᠦ᠂ ᠠᠵᠢᠯ ᠤᠯᠭᠤᠯᠲᠠ ᠶᠢ ᠪᠠᠲᠤᠯᠠᠬᠤ︾ ᠵᠠᠷᠴᠢᠮ ᠤᠨ | ᠲᠣᠭᠤᠷᠢᠨ ᠳᠤ᠂ ᠨᠢᠭᠡ ᠪᠦᠯᠦᠭ ᠲᠤᠰᠬᠠᠶ ᠵᠦᠢᠯ ᠤᠨ ᠵᠢᠭᠡᠯᠡᠯᠭᠡ ᠶᠢᠨ ᠵᠦᠢᠯᠡᠰ ᠢ ᠤᠷᠢᠳᠴᠢᠯᠠᠨ ᠲᠥᠯᠥᠪᠯᠡᠪᠡ᠃ | ︵ᠭᠤᠷᠪᠠ︶ ᠵᠠᠰᠠᠭ ᠠᠵᠤ ᠠᠬᠤᠶᠢᠯᠠᠯ ᠤᠨ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠵᠤ᠂ | ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠪᠡᠯᠡ | ᠣᠷᠣᠭᠤᠯᠤᠯᠲᠠ ᠶᠢᠨ ᠢᠲᠡᠭᠡᠯ ᠬᠦᠷᠦᠯᠴᠡᠬᠦ ᠦᠭᠡᠢ ᠵᠡᠷᠭᠡ ᠠᠰᠠᠭᠤᠳᠠᠯ ᠳᠤ ᠴᠢᠭᠯᠡᠭᠦᠯᠦᠨ᠂ ᠲᠤᠰᠬᠠᠶ ᠠᠩᠭᠢ ᠶᠢᠨ | ᠬᠠᠷᠢᠭᠤᠴᠠᠯᠭᠠᠲᠠᠨ ᠵᠢᠴᠢ ᠠᠵᠤ ᠠᠬᠤᠶᠢᠯᠠᠯ ᠤᠨ ᠺᠠᠳ᠋ᠷ ᠢᠳᠡᠪᠬᠢᠲᠡᠶ ᠪᠠᠷ ᠠᠵᠢᠯᠯᠠᠵᠤ᠂ ᠠᠵᠢᠯ ᠠᠴᠠ ᠪᠠᠨ ᠰᠠᠯᠵᠤ | ᠦᠢᠯᠡᠳᠪᠦᠷᠢ ᠳᠤ ᠣᠷᠣᠵᠤ᠂ ᠠᠵᠤ ᠠᠬᠤᠶᠢᠯᠠᠯ ᠢ ᠳᠣᠷᠣᠭᠰᠢ ᠪᠠᠭᠤᠯᠭᠠᠵᠤ᠂ ᠠᠵᠤ ᠠᠬᠤᠶᠢᠯᠠᠯ ᠤᠨ ᠪᠣᠳᠣᠯᠬᠢᠯᠠᠯ ᠢ | ᠬᠢᠨᠠᠮᠠᠭᠠᠶ ᠣᠶᠢᠯᠠᠭᠠᠵᠤ᠂ ᠨᠠᠷᠢᠯᠢᠭ ᠣᠨᠣᠴᠠᠲᠠᠶ ᠦᠢᠯᠡᠴᠢᠯᠡᠭᠡ ᠬᠠᠩᠭᠠᠬᠤ ᠪᠠᠷ ᠴᠢᠷᠮᠠᠶᠢᠵᠤ᠂ ᠠᠵᠤ ᠠᠬᠤᠶᠢᠯᠠᠯ ᠳᠤ | ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠣᠳᠣᠷᠬᠠᠶᠢᠯᠠᠨ ᠥᠭᠴᠦ᠂ ᠡᠯ᠎ᠡ ᠲᠥᠷᠥᠯ ᠤᠨ | ᠲᠤᠰᠬᠠᠶ ᠪᠡᠯᠡ ᠮᠥᠩᠭᠦ ᠶᠢ ᠲᠡᠮᠡᠴᠡᠨ ᠣᠯᠵᠤ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠬᠦᠴᠢᠷ | ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠢ ᠬᠥᠪᠴᠢᠯᠡᠵᠦ᠂ ᠠᠵᠤ | ᠠᠬᠤᠶᠢᠯᠠᠯ ᠢ ᠰᠠᠭᠤᠷᠢᠰᠢᠭᠤᠯᠤᠨ᠂ ᠲᠥᠷᠥᠯ ᠵᠦᠢᠯ ᠢ ᠰᠠᠶᠢᠲᠤᠷ ᠪᠠᠶᠢᠭᠤᠯᠵᠠᠶ᠃ |