ᠨᠠᠮ ᠪᠠᠶᠢᠭᠤᠯᠤᠭᠳᠠᠭᠰᠠᠨ 99 ᠵᠢᠯ ᠤᠨ ᠤᠢ ᠶᠢ ᠪᠡᠯᠭᠡᠯᠡᠬᠦ ᠶᠢᠨ ᠲᠥᠯᠥᠭᠡ᠂ ᠤᠳᠠ ᠲᠣᠭᠤᠷᠢᠭ ︽ | ᠲᠤᠬᠠᠶᠢᠯᠠᠭᠰᠠᠨ ᠠᠵᠢᠯ ᠤᠨ ᠪᠠᠶᠢᠷᠢᠨ ᠳᠠᠭᠠᠨ ᠰᠠᠭᠤᠷᠢᠯᠠᠵᠤ᠂ ᠰᠢᠯᠢᠳᠡᠭ ᠨᠠᠮ ᠤᠨ ᠭᠡᠰᠢᠭᠦᠨ ᠪᠣᠯᠬᠤ ᠪᠠᠷ ᠴᠢᠷᠮᠠᠶᠢᠬᠤ | ︾ ᠪᠠᠷ ᠭᠤᠣᠯ ᠰᠡᠳᠦᠪ ᠪᠣᠯᠭᠠᠵᠤ᠂ ᠳᠡᠭᠡᠳᠦ ᠳᠠᠪᠬᠤᠷᠭ᠎ᠠ ᠶᠢᠨ ᠳᠦᠰᠦᠪᠯᠡᠭᠡ ᠶᠢ ᠴᠢᠩᠭᠠᠳᠬᠠᠵᠤ᠂ | ᠰᠢᠰᠲ᠋ᠧᠮ ᠲᠠᠢ ᠪᠠᠷ ᠲᠥᠯᠥᠪᠵᠢᠭᠦᠯᠦᠨ ᠪᠠᠶᠢᠷᠢᠯᠠᠭᠤᠯᠵᠤ᠂ ᠪᠦᠬᠦ ᠲᠤᠭᠤᠷᠢᠭ ᠤᠨ ᠡᠯ᠎ᠡ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠤ ᠳᠠᠶᠢᠴᠢᠨ ᠪᠠᠬᠢᠯᠡᠯᠲᠡ ᠪᠣᠯᠤᠨ | ᠬᠤᠰᠢᠭᠤᠴᠢ ᠵᠢᠱᠢᠶᠡᠴᠢ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠶᠢ ᠵᠣᠷᠢᠭᠵᠢᠭᠤᠯᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠡᠶᠡᠯᠡᠭᠦᠯᠬᠦ ᠭᠤᠣᠯᠳᠠᠯᠭ᠎ᠠ ᠲᠠᠢ ᠠᠵᠢᠯ ᠳᠤ ᠬᠦᠴᠦᠨ ᠨᠡᠮᠡᠷᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ | ᠨᠠᠮ ᠤᠨ 99 ᠵᠢᠯ ᠤᠨ ᠤᠢ ᠳᠤ ᠪᠡᠯᠡᠭ ᠬᠦᠷᠭᠡᠪᠡ᠃ | ᠵᠣᠬᠢᠶᠠᠨ ᠪᠠᠶᠢᠭᠤᠯᠤᠯᠲᠠ ᠲᠦᠷᠦᠭᠦᠯᠡᠵᠦ᠂ ᠨᠡᠶᠢᠯᠡᠮᠡᠯ ᠬᠦᠴᠦᠨ ᠢ ᠨᠢᠭᠲᠠᠷᠠᠭᠤᠯᠤᠨ ᠠᠵᠢᠯᠯᠠᠭ᠎ᠠ ᠶᠢᠨ | ᠬᠡᠯᠪᠡᠷᠢ ᠶᠢ ᠪᠠᠶᠠᠯᠢᠭᠵᠢᠭᠤᠯᠤᠨ᠎ᠠ᠃ ᠨᠢᠭᠡ ᠳᠤ᠂ ᠡᠷᠬᠢᠨ ᠦᠵᠡᠵᠦ ᠲᠣᠬᠤᠨᠢᠭᠤᠯᠬᠤ ᠠᠵᠢᠯ ᠥᠷᠨᠢᠭᠦᠯᠪᠡ᠃ ︽ | ᠳᠣᠯᠣᠭᠠᠨ ᠰᠠᠷ᠎ᠠ ᠶᠢᠨ ᠨᠢᠭᠡᠨ︾ ᠤ ᠡᠮᠦᠨᠡᠬᠡᠨ᠂ ᠨᠠᠮ ᠤᠨ ᠭᠡᠰᠢᠭᠦᠨ ᠤᠳᠤᠷᠢᠳᠬᠤ ᠺᠠᠳ᠋ᠷ ᠢ ᠦᠨᠳᠦᠰᠦᠨ | ᠱᠠᠲᠣᠨ ᠳᠤ ᠪᠠᠭᠤᠯᠭᠠᠵᠤ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ | ᠠᠬᠠᠮᠠᠳ ᠨᠠᠮ ᠤᠨ ᠭᠡᠰᠢᠭᠦᠨ᠂ ᠠᠮᠢᠳᠤᠷᠠᠯ ᠨᠢ ᠬᠦᠴᠢᠷᠳᠡᠯ ᠲᠠᠢ ᠨᠠᠮ ᠤᠨ ᠭᠡᠰᠢᠭᠦᠨ ᠪᠠ ᠦᠨᠳᠦᠰᠦᠨ ᠱᠠᠲᠤᠨ ᠤ | ᠨᠢᠭᠡᠳᠦᠭᠡᠷ ᠹᠷᠣᠨᠲ ᠤᠨ ᠨᠠᠮ ᠤᠨ ᠭᠡᠰᠢᠭᠦᠨ ᠢ ᠡᠷᠬᠢᠨ ᠦᠵᠡᠵᠦ ᠲᠣᠬᠤᠨᠢᠭᠤᠯᠵᠤ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠬᠠᠯᠠᠭᠤᠨ ᠳᠤᠯᠠᠭᠠᠨ ᠢ ᠨᠠᠮ ᠤᠨ ᠭᠡᠰᠢᠭᠦᠨ ᠤ ᠭᠡᠷ ᠲᠤ ᠪᠠ ᠰᠡᠳᠬᠢᠯ ᠳᠤ ᠦᠨᠡᠨ ᠬᠦ ᠬᠦᠷᠭᠡᠵᠦ | ᠥᠭᠪᠡ᠃ ᠬᠤᠶᠠᠷ ᠲᠤ ᠨᠠᠮ ᠤᠨ ᠪᠠᠶᠢᠭᠤᠯᠤᠯᠲᠠ ᠶᠢᠨ ᠰᠢᠨ᠎ᠡ ᠶᠢ ᠡᠭᠦᠳᠬᠦ ᠵᠦᠢᠯᠡᠰ ᠢ ᠴᠤᠭᠯᠠᠭᠤᠯᠤᠨ᠎ᠠ᠃ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠦᠬᠦ ᠲᠤᠭᠤᠷᠢᠭ ᠤᠨ ᠭᠤᠣᠯ ᠠᠵᠢᠯ ᠪᠣᠯᠤᠨ ᠨᠢᠭᠡᠴᠡ ︵ᠰᠠᠯᠠᠭ᠎ᠠ | ᠮᠦᠴᠢᠷ︶ ᠶᠢᠨ ᠪᠣᠳᠠᠲᠤ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠪᠠᠶᠢᠭᠤᠯᠤᠯᠲᠠ ᠶᠢᠨ ᠣᠨᠴᠠᠯᠢᠭ | ᠬᠢᠯᠠᠰ ᠴᠡᠭ ᠢ ᠬᠤᠷᠢᠶᠠᠩᠭᠤᠶᠢᠯᠠᠵᠤ᠂ ᠨᠠᠮ ᠤᠨ ᠪᠠᠶᠢᠭᠤᠯᠤᠯᠲᠠ ᠶᠢᠨ ᠰᠢᠨ᠎ᠡ ᠶᠢ ᠡᠭᠦᠳᠬᠦ ᠵᠦᠢᠯᠡᠰ ᠢ ᠮᠡᠳᠡᠭᠦᠯᠦᠨ | ᠬᠦᠷᠭᠡᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠥᠭᠡᠷᠡᠴᠢᠯᠡᠯᠲᠡ ᠶᠢᠨ ᠳᠤᠮᠳᠠ | ᠴᠢᠩᠭᠠᠳᠬᠠᠵᠤ᠂ ᠰᠢᠨ᠎ᠡ ᠶᠢ ᠡᠭᠦᠳᠬᠦ ᠳᠤᠮᠳᠠ ᠳᠡᠭᠡᠭᠰᠢᠯᠡᠭᠦᠯᠦᠨ᠎ᠡ᠃ ᠭᠤᠷᠪᠠ ᠳᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠦᠵᠢ ᠶᠢᠨ ︽ᠭᠤᠷᠪᠠ ᠶᠢ ᠳᠠᠭᠠᠭᠤᠯᠬᠤ︾ ᠠᠵᠢᠯᠯᠠᠭ᠎ᠠ ᠶᠢ ᠥᠷᠨᠢᠭᠦᠯᠦᠨ᠎ᠡ᠃ ᠨᠠᠮ ᠤᠨ | ᠵᠣᠬᠢᠶᠠᠨ ᠪᠠᠶᠢᠭᠤᠯᠤᠯᠲᠠ ᠶᠢᠨ ᠱᠦᠵᠢ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ᠂ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠬᠤ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠠᠮᠢᠳᠤᠷᠠᠯ ᠳᠤ ᠣᠷᠣᠯᠴᠠᠬᠤ ᠶᠢ ᠪᠠᠷᠢᠮᠲᠠᠯᠠᠵᠠᠶ᠃ ︽ᠭᠤᠷᠪᠠ ᠶᠢ ᠳᠠᠭᠠᠭᠤᠯᠬᠤ︾ | ᠠᠵᠢᠯᠯᠠᠭ᠎ᠠ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠭᠤᠤᠯᠳᠠᠯᠭ᠎ᠠ ᠲᠠᠢ | ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃ | ᠨᠠᠮ ᠤᠨ ᠭᠡᠰᠢᠭᠦᠨ ᠣᠷᠣᠯᠴᠠᠵᠤ᠂ ︽ᠤᠯᠤᠰ ᠲᠥᠷᠥ ᠶᠢᠨ ᠲᠥᠷᠥᠭᠰᠡᠨ ᠡᠳᠦᠷ︾ ᠨᠢ ᠣᠭ ᠰᠠᠨᠠᠭ᠎ᠠ | ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠪᠡ᠃ ᠨᠢᠭᠡ ᠳᠤ ᠨᠠᠮ ᠤᠨ ᠭᠡᠰᠢᠭᠦᠨ ᠤ ︽ᠤᠯᠤᠰ ᠲᠦᠷᠦ ᠶᠢᠨ | ᠲᠦᠷᠦᠭᠰᠡᠨ ᠡᠳᠦᠷ︾ ᠤᠨ ᠠᠵᠢᠯᠯᠠᠭ᠎ᠠ ᠶᠢ ᠥᠷᠨᠢᠭᠦᠯᠪᠡ᠃ ︽ᠤᠯᠤᠰ ᠲᠥᠷᠥ ᠶᠢᠨ ᠲᠥᠷᠥᠭᠰᠡᠨ ᠡᠳᠦᠷ ᠤᠨ ᠪᠠᠶᠠᠷ | ︾ ᠤᠨ ᠺᠠᠷᠲ ᠪᠣᠯᠤᠨ ᠢᠷᠦᠭᠡᠯ᠂ ᠨᠠᠮ ᠳᠤ ᠣᠷᠣᠬᠤ ᠲᠠᠩᠭᠠᠷᠢᠭ ᠤᠨ ᠦᠭᠡ ᠶᠢ ᠳᠠᠬᠢᠨ ᠳᠠᠪᠲᠠᠬᠤ ᠵᠡᠷᠭᠡ | ᠬᠡᠯᠪᠡᠷᠢ ᠪᠠᠷ ᠳᠠᠮᠵᠢᠭᠤᠯᠤᠨ᠂ ᠪᠦᠬᠦ ᠨᠠᠮ ᠤᠨ ᠭᠡᠰᠢᠭᠦᠨ ᠤ ᠬᠥᠮᠦᠵᠢᠯ ᠬᠦᠷᠲᠡᠬᠦ ᠵᠣᠷᠢᠯᠭ᠎ᠠ ᠳᠤ ᠬᠦᠷᠬᠦ ᠬᠡᠷᠡᠭᠲᠡᠶ᠃ | ᠬᠤᠶᠠᠷ ᠲᠤ ᠪᠠᠶᠢᠭᠤᠯᠭ᠎ᠠ ᠳᠤ ᠠᠵᠢᠯᠯᠠᠵᠤ ᠪᠠᠶᠢᠭ᠎ᠠ ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ | ᠠᠵᠢᠯᠯᠠᠭ᠎ᠠ ᠶᠢ ᠥᠷᠨᠢᠭᠦᠯᠦᠨ᠎ᠡ᠃ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠤ ᠠᠵᠢᠯ ᠤᠨ | ᠪᠣᠳᠠᠲᠤ ᠪᠠᠶᠢᠳᠠᠯ᠂ ᠥᠪᠡᠷ ᠤᠨ ᠣᠨᠴᠠ ᠴᠢᠳᠠᠪᠤᠷᠢ ᠪᠠᠨ ᠦᠨᠳᠦᠰᠦᠯᠡᠨ᠂ ᠠᠵᠢᠯ ᠤᠨ ᠪᠠᠶᠢᠷᠢ ᠳᠤ ᠪᠠᠶᠢᠭ᠎ᠠ ᠨᠠᠮ ᠤᠨ | ᠭᠡᠰᠢᠭᠦᠨ ᠢ ᠵᠣᠬᠢᠶᠠᠨ ᠪᠠᠶᠢᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ᠂ ᠠᠯᠪᠠᠨ ᠵᠢᠷᠤᠮ ᠤᠨ ᠠᠵᠢᠯ | ᠂ ᠬᠠᠶᠢᠷ᠎ᠠ ᠬᠠᠯᠠᠮᠵᠢ ᠬᠦᠷᠭᠡᠬᠦ ᠵᠡᠷᠭᠡ ᠠᠵᠢᠯᠯᠠᠭ᠎ᠠ ᠳᠤ ᠣᠷᠣᠯᠴᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ | ᠨᠡᠶᠢᠭᠡᠮ ᠳᠤ ᠠᠴᠢ ᠬᠠᠷᠢᠭᠤᠯᠪᠠ᠃ ᠭᠤᠷᠪᠠ ᠳᠤ ᠰᠡᠳᠬᠢᠯ ᠤᠨ ᠦᠭᠡ ᠪᠠᠨ ᠶᠠᠷᠢᠯᠴᠠᠬᠤ ᠠᠵᠢᠯᠯᠠᠭ᠎ᠠ ᠥᠷᠨᠢᠭᠦᠯᠦᠨ᠎ᠡ | ᠃ ᠨᠠᠮ ᠤᠨ ᠡᠭᠦᠷ ᠤᠨ ᠱᠦᠵᠢ ᠨᠠᠮ ᠤᠨ ᠭᠡᠰᠢᠭᠦᠳ ᠯᠦᠭᠡ ︽ᠲᠥᠪᠯᠡᠷᠡᠭᠦᠯᠦᠨ ᠶᠠᠷᠢᠯᠴᠠᠬᠤ︾ ᠪᠠ ︽ᠨᠢᠭᠡ | ᠨᠢᠭᠡ ᠪᠠᠷ ᠢᠶᠠᠨ ᠶᠠᠷᠢᠯᠴᠠᠬᠤ︾ ᠬᠡᠯᠪᠡᠷᠢ ᠪᠠᠷ᠂ ᠨᠢᠭᠡ ᠨᠢᠭᠡ ᠪᠠᠷ ᠶᠠᠷᠢᠯᠴᠠᠵᠤ᠂ ᠰᠡᠳᠬᠢᠯ ᠢᠶᠠᠨ ᠮᠡᠳᠡᠯᠴᠡᠨ᠂ | ᠶᠠᠷᠢᠯᠴᠠᠭᠴᠢ ᠶᠢᠨ ᠦᠵᠡᠯ ᠰᠠᠨᠠᠭᠠᠨ ᠤ ᠪᠠᠶᠢᠳᠠᠯ᠂ ᠤᠨᠤᠯ ᠤᠨ ᠰᠤᠷᠤᠯᠴᠠᠯᠭ᠎ᠠ ᠵᠡᠷᠭᠡ ᠲᠠᠯ᠎ᠠ ᠶᠢᠨ ᠪᠠᠶᠢᠳᠠᠯ ᠢ | ᠣᠶᠢᠯᠠᠭᠠᠵᠤ᠂ ᠨᠠᠮ ᠤᠨ ᠭᠡᠰᠢᠭᠦᠨ ᠺᠠᠳ᠋ᠷᠴᠤᠳ ᠤᠨ ᠨᠡᠩ ᠰᠠᠶᠢᠨ ᠦᠰᠦᠨ ᠪᠤᠶᠢᠵᠢᠵᠤ ᠬᠥᠭᠵᠢᠬᠦ ᠶᠢ ᠬᠠᠪᠰᠤᠷᠤᠨ᠎ᠠ᠃ | | ᠣᠯᠠᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠵᠦ᠂ ︽ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ︾ | ᠠᠵᠢᠯᠯᠠᠭ᠎ᠠ ᠶᠢᠨ ᠨᠥᠯᠥᠭᠡ ᠶᠢ ᠥᠷᠭᠡᠳᠬᠡᠪᠡ᠃ ᠨᠢᠭᠡ ᠳᠤ᠂ ︽ᠪᠢ ᠨᠠᠮ ᠤᠨ ᠲᠥᠷᠥᠭᠰᠡᠨ ᠡᠳᠦᠷ ᠤᠨ ᠪᠠᠶᠠᠷ ᠲᠤ | ᠵᠥᠩᠨᠡᠯ ᠳᠡᠪᠰᠢᠭᠦᠯᠦᠶ᠎ᠡ︾ ᠭᠡᠬᠦ ᠠᠵᠢᠯᠯᠠᠭ᠎ᠠ ᠥᠷᠨᠢᠭᠦᠯᠪᠡ᠃ ︽7 · 1︾ ᠤ ᠡᠮᠦᠨ᠎ᠡ ᠬᠤᠶᠢᠨ᠎ᠠ ︽ᠤᠳᠠ | ᠨᠡᠶᠢᠳᠡᠯᠡᠯ︾ ᠸᠢᠴᠠᠲ ᠤᠨ ᠣᠯᠠᠨ ᠨᠡᠶᠢᠲᠡ ᠶᠢᠨ ᠲᠠᠪᠴᠠᠩ ᠳᠤ ᠬᠠᠭᠠᠰ ᠰᠠᠷ᠎ᠠ ᠶᠢᠨ ᠬᠤᠭᠤᠴᠠᠭ᠎ᠠ ᠲᠠᠢ ︽ᠪᠢ | ᠨᠠᠮ ᠤᠨ ᠲᠥᠷᠥᠭᠰᠡᠨ ᠡᠳᠦᠷ ᠤᠨ ᠪᠠᠶᠠᠷ ᠲᠤ ᠵᠥᠩᠨᠡᠯ ᠳᠡᠪᠰᠢᠭᠦᠯᠦᠶ᠎ᠡ︾ ᠭᠡᠬᠦ ᠲᠤᠰᠬᠠᠶ ᠪᠤᠯᠤᠩ ᠨᠡᠭᠡᠭᠡᠵᠦ᠂ ᠡᠯ᠎ᠡ | ᠨᠢᠭᠡᠴᠡ ᠡᠬᠡ ᠪᠢᠴᠢᠭ ᠢ ᠢᠳᠡᠪᠬᠢᠲᠡᠶ ᠪᠠᠷ ᠬᠠᠩᠭᠠᠵᠤ᠂ ᠰᠠᠶᠢᠨ ᠰᠠᠶᠢᠬᠠᠨ ᠤᠬᠠᠭᠤᠯᠭ᠎ᠠ ᠶᠢᠨ ᠠᠭᠤᠷ ᠠᠮᠢᠰᠬᠤᠯ ᠢ | ᠪᠣᠶ ᠪᠣᠯᠭᠠᠬᠤ ᠬᠡᠷᠡᠭᠲᠡᠶ᠃ ᠬᠤᠶᠠᠷ ᠲᠤ᠂ ᠳᠡᠷᠭᠡᠳᠡᠬᠢ ᠰᠠᠶᠢᠨ ᠬᠥᠮᠦᠨ ᠢ ᠨᠡᠶᠢᠲᠡᠯᠡᠬᠦ ᠬᠤᠷᠠᠯ ᠤᠨ ᠠᠵᠢᠯᠯᠠᠭ᠎ᠠ ᠶᠢ | ᠥᠷᠨᠢᠭᠦᠯᠦᠨ᠎ᠡ᠃ ᠰᠣᠨᠢᠨ ᠮᠡᠳᠡᠭᠡ ᠨᠡᠶᠢᠲᠡᠯᠡᠬᠦ ᠬᠤᠷᠠᠯ ᠡᠷᠬᠢᠯᠡᠬᠦ ᠬᠡᠯᠪᠡᠷᠢ ᠪᠠᠷ ︽ᠶᠣᠰᠣ ᠰᠤᠷᠲᠠᠬᠤᠨ ᠤ ᠵᠢᠱᠢᠶᠡᠴᠢ︾ | ᠂ ︽ᠤᠳᠠ ᠶᠢᠨ ᠳᠡᠷᠭᠡᠳᠡᠬᠢ ᠰᠠᠶᠢᠨ ᠬᠥᠮᠦᠨ︾᠂ ︽ᠶᠠᠳᠠᠭᠤ ᠠᠴᠠ ᠠᠩᠭᠢᠵᠢᠷᠠᠭᠤᠯᠬᠤ ᠣᠳᠣᠨ︾᠂ ︽ᠠᠷᠪᠠᠨ | ᠣᠳᠣᠨ ᠬᠡᠷ ᠪᠦᠯᠢ︾ ᠵᠡᠷᠭᠡ ᠶᠢ ᠰᠠᠶᠢᠰᠢᠶᠠᠨ ᠮᠡᠳᠡᠭᠡᠯᠡᠵᠦ᠂ ᠡᠭᠦᠨ ᠤ ᠬᠠᠮᠲᠤ ᠦᠬᠠᠶ ᠶᠢᠨ ᠡᠳᠦᠷ ᠤᠨ ᠰᠣᠨᠢᠨ᠂ | ᠦᠳᠠ ᠶᠢᠨ ᠲᠤᠰᠬᠠᠶ ᠬᠡᠪᠯᠡᠯ᠂ ᠦᠳᠠ ᠶᠢᠨ ᠤᠲᠠᠰᠤᠲᠤ ᠴᠠᠬᠢᠯᠭᠠᠨ ᠲᠠᠪᠴᠠᠩ ᠵᠡᠷᠭᠡ ᠭᠤᠤᠯ ᠵᠠᠭᠤᠴᠢᠯᠠᠭᠤᠷ | ᠪᠣᠯᠤᠨ ︽ᠦᠳᠠ ᠨᠡᠶᠢᠳᠠᠯᠡᠯ︾ ᠸᠢᠴᠠᠲ ᠤᠨ ᠲᠠᠪᠴᠠᠩ ᠵᠡᠷᠭᠡ ᠰᠢᠨ᠎ᠡ ᠬᠡᠯᠪᠡᠷᠢ ᠶᠢᠨ ᠠᠴᠢᠶᠠᠯᠠᠪᠤᠷᠢ ᠶᠢ ᠠᠰᠢᠭᠯᠠᠵᠤ | ᠂ ᠡᠯ᠎ᠡ ᠲᠦᠷᠦᠯ ᠤᠨ ᠨᠡᠶᠢᠲᠡᠯᠢᠭ ᠵᠢᠱᠢᠶ᠎ᠡ ᠶᠢ ᠥᠷᠭᠡᠨ ᠢᠶᠠᠷ ᠤᠬᠠᠭᠤᠯᠪᠠ᠃ ᠭᠤᠷᠪᠠ ᠳᠤ ᠰᠢᠨ᠎ᠡ ᠶᠢ ᠡᠭᠦᠳᠬᠦ | ᠴᠢᠨᠠᠷᠲᠠᠶ ᠭᠤᠤᠯ ᠰᠡᠳᠦᠪᠲᠦ ᠠᠵᠢᠯᠯᠠᠭ᠎ᠠ ᠶᠢ ᠥᠷᠨᠢᠭᠦᠯᠪᠡ᠃ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠲᠤᠰ | ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠵᠢᠯ ᠤᠨ ᠰᠢᠨᠵᠢ ᠴᠢᠨᠠᠷ ᠲᠠᠭᠠᠨ ᠰᠠᠭᠤᠷᠢᠯᠠᠨ᠂ | ᠬᠤᠪᠢᠰᠬᠠᠯᠲᠤ ᠦᠯᠢᠭᠡᠷ ᠢ ᠶᠠᠷᠢᠬᠤ ᠤᠷᠤᠯᠳᠤᠭᠠᠨ᠂ ᠨᠠᠮ ᠤᠨ ᠬᠡᠰᠢᠬᠦᠨ ᠢ ᠬᠠᠯᠠᠮᠵᠢᠯᠠᠨ ᠬᠠᠶᠢᠷᠠᠯᠠᠬᠤ ︽ᠲᠠᠪᠤᠨ | ᠨᠢᠭᠡ︾᠂ ᠭᠡᠷ ᠪᠦᠯᠢ ᠪᠠ ᠰᠤᠷᠭᠠᠭᠤᠯᠢ ᠶᠢᠨ ᠬᠠᠷᠢᠯᠴᠠᠨ ᠬᠥᠳᠡᠯᠦᠯᠴᠡᠬᠦ᠂ ᠡᠷᠡᠭᠦᠯ ᠮᠡᠨᠳᠦ ᠶᠢᠨ ᠮᠡᠳᠡᠯᠭᠡ ᠶᠢᠨ | ᠲᠠᠶᠢᠯᠤᠮᠵᠢ ᠵᠡᠷᠭᠡ ᠠᠵᠢᠯᠯᠠᠭ᠎ᠠ ᠶᠢ ᠥᠷᠨᠢᠭᠦᠯᠪᠡ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ ᠤ ᠠᠷᠭ᠎ᠠ | ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ | ᠤᠷᠢᠶᠠᠯᠠᠬᠤ ᠬᠦᠴᠦᠨ᠂ ᠲᠥᠪᠯᠡᠩᠭᠦᠶ ᠬᠦᠴᠦᠨ ᠪᠠ ᠨᠢᠭᠲᠠᠷᠠᠭᠤᠯᠬᠤ ᠬᠦᠴᠦᠨ ᠢ ᠤᠯᠠᠮ ᠨᠢᠭᠡ ᠠᠯᠬᠤᠮ | ᠴᠢᠩᠭᠠᠷᠠᠭᠤᠯᠪᠠ᠃ |