ᠤᠳᠠ ᠲᠣᠭᠤᠷᠢᠭ ᠴᠡᠷᠢᠭ ᠤᠨ ᠠᠯᠪᠠᠨ ᠠᠴᠠ ᠪᠠᠭᠤᠭᠰᠠᠳ ᠤᠨ ᠲᠥᠯᠥᠭᠡᠯᠡᠭᠴᠢᠳ ᠤᠨ ᠰᠡᠳᠬᠢᠯ ᠤᠨ ᠶᠠᠷᠢᠯᠴᠠᠭ᠎ᠠ ᠬᠢᠪᠡ
ᠨᠡᠶᠢᠲᠡᠯᠡᠭᠰᠡᠨ ᠴᠠᠭ᠄
2020-06-28
       ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 99 ᠵᠢᠯ ᠤᠨ ᠣᠶ ᠶᠢ ᠳᠤᠷᠠᠰᠬᠠᠬᠤ ᠶᠢᠨ ᠲᠥᠯᠥᠭᠡ᠂ ᠨᠠᠮ ᠤᠨ ᠭᠡᠰᠢᠭᠦᠨ ᠤ ᠢᠷᠠᠭᠤ ᠠᠯᠳᠠᠷᠲᠤ ᠰᠡᠳᠬᠢᠯᠭᠡ᠂ ᠡᠭᠦᠷᠭᠡᠲᠦ ᠰᠡᠳᠬᠢᠯᠭᠡ ᠶᠢ ᠨᠡᠮᠡᠭᠳᠡᠭᠦᠯᠵᠦ᠂ ︽ᠳᠣᠯᠣᠭᠠᠨ ᠰᠠᠷ᠎ᠠ ᠶᠢᠨ ᠨᠢᠭᠡᠨ︾ ᠤ ᠨᠠᠮ ᠪᠠᠶᠢᠭᠤᠯᠤᠭᠳᠠᠭᠰᠠᠨ ᠪᠠᠶᠠᠷ ᠤᠨ ᠡᠮᠦᠨᠡᠬᠡᠨ᠂ ᠤᠳᠠ ᠲᠣᠭᠤᠷᠢᠭ ᠴᠡᠷᠢᠭ ᠤᠨ ᠠᠯᠪᠠᠨ ᠠᠴᠠ ᠪᠠᠭᠤᠭᠰᠠᠳ ᠤᠨ ᠲᠥᠯᠥᠭᠡᠯᠡᠭᠴᠢᠳ ᠤᠨ ᠰᠡᠳᠬᠢᠯ ᠤᠨ ᠶᠠᠷᠢᠯᠴᠠᠭ᠎ᠠ ᠬᠢᠵᠦ᠂ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠢ ᠳᠠᠮᠵᠢᠭᠤᠯᠪᠠ᠃ ᠬᠤᠷᠠᠯ ᠠᠴᠠ᠂ ᠨᠢᠭᠡ ᠳᠤ᠂ ᠵᠢᠱᠢᠶ᠎ᠡ ᠦᠵᠡᠭᠦᠯᠵᠦ ᠲᠦᠷᠦᠭᠦᠯᠡᠨ ᠤᠯᠤᠰ ᠲᠥᠷᠥ ᠶᠢ ᠡᠷᠬᠢᠮᠯᠡᠬᠦ ᠬᠡᠷᠡᠭᠲᠡᠶ᠃ ᠨᠠᠮ ᠤᠨ ᠵᠣᠷᠢᠯᠲᠠ ᠶᠢ ᠢᠮᠠᠭᠲᠠ ᠪᠠᠲᠤ ᠴᠡᠭᠡᠵᠢᠯᠡᠵᠦ᠂ ᠦᠵᠡᠯ ᠰᠠᠨᠠᠭ᠎ᠠ ᠤᠯᠤᠰ ᠲᠥᠷᠥ ᠶᠢᠨ ᠤᠬᠠᠮᠰᠠᠷ ᠢᠶᠠᠨ ᠳᠡᠭᠡᠭᠰᠢᠯᠡᠭᠦᠯᠬᠦ ᠬᠡᠷᠡᠭᠲᠡᠶ᠃ ᠬᠤᠶᠠᠷ ᠲᠤ ᠦᠯᠢᠭᠡᠷ ᠵᠢᠱᠢᠶ᠎ᠡ ᠦᠵᠡᠭᠦᠯᠦᠨ ᠲᠦᠷᠦᠭᠦᠯᠡᠨ ᠰᠠᠬᠢᠯᠭ᠎ᠠ ᠪᠠᠲᠤ ᠶᠢ ᠰᠠᠬᠢᠬᠤ ᠬᠡᠷᠡᠭᠲᠡᠶ᠃ ᠴᠡᠷᠢᠭ ᠠᠩᠭᠢ ᠶᠢᠨ ᠰᠠᠬᠢᠯᠭ᠎ᠠ ᠪᠠᠲᠤ ᠶᠢ ᠰᠠᠬᠢᠵᠤ᠂ ᠲᠥᠪ ᠴᠢᠩᠭ᠎ᠠ ᠬᠡᠪ ᠰᠤᠷᠲᠠᠯ᠂ ᠵᠠᠷᠯᠢᠭ ᠢ ᠳᠠᠭᠠᠬᠤ ᠰᠠᠶᠢᠨ ᠰᠤᠷᠲᠠᠯ᠂ ᠰᠠᠶᠢᠨ ᠤᠯᠠᠮᠵᠢᠯᠠᠯ ᠠᠵᠢᠯ ᠠᠮᠢᠳᠤᠷᠠᠯ ᠳᠤ ᠠᠭᠤᠰᠤᠯᠴᠠᠵᠤ᠂ ᠵᠢᠱᠢᠶ᠎ᠡ ᠦᠵᠡᠭᠦᠯᠦᠨ ᠳᠠᠭᠠᠭᠤᠯᠬᠤ ᠦᠢᠯᠡᠳᠦᠯ ᠢ ᠢᠳᠡᠪᠬᠢᠲᠡᠶ ᠪᠠᠳᠠᠷᠠᠭᠤᠯᠤᠨ᠎ᠠ᠃ ᠭᠤᠷᠪᠠ ᠳᠤ ᠵᠢᠱᠢᠶ᠎ᠡ ᠦᠵᠡᠭᠦᠯᠵᠦ ᠲᠦᠷᠦᠭᠦᠯᠡᠨ ᠨᠠᠶᠢᠳᠠᠪᠤᠷᠢᠵᠢᠭᠤᠯᠬᠤ ᠶᠢ ᠠᠳᠬᠤᠬᠤ ᠬᠡᠷᠡᠭᠲᠡᠶ᠃ ᠠᠷᠠᠳ ᠤᠨ ᠴᠡᠷᠢᠭ ᠠᠩᠭᠢ ᠶᠢᠨ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ᠂ ᠬᠠᠲᠠᠭᠤ ᠰᠢᠷᠦᠭᠦᠨ ᠳᠠᠶᠢᠨ ᠬᠢᠬᠦ ᠢᠷᠠᠭᠤ ᠠᠯᠳᠠᠷᠲᠤ ᠤᠯᠠᠮᠵᠢᠯᠠᠯ ᠢ ᠦᠷᠭᠦᠯᠵᠢᠯᠡᠨ ᠪᠠᠳᠠᠷᠠᠭᠤᠯᠵᠤ᠂ ᠳᠠᠭᠠᠭᠤᠯᠤᠭᠴᠢ ᠶᠢᠨ ᠦᠢᠯᠡᠳᠦᠯ ᠢᠶᠠᠨ ᠢᠳᠡᠪᠬᠢᠲᠡᠶ ᠪᠠᠳᠠᠷᠠᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠦᠨᠡᠨᠴᠢ ᠰᠢᠳᠤᠷᠭᠤ ᠴᠡᠷᠢᠭ ᠤᠨ ᠰᠦᠭ ᠰᠦᠨᠡᠰᠦ ᠶᠢ ᠪᠠᠲᠤ ᠪᠠᠬᠢ ᠪᠤᠶ ᠪᠣᠯᠭᠠᠨ᠎ᠠ᠃    
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号