︽ᠭᠤᠷᠪᠠᠨ ᠠᠯᠬᠤᠮ ᠶᠠᠪᠤᠬᠤ︾  ᠢᠶᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ  ᠨᠡᠮᠡᠷᠢᠯᠡᠪᠡ
ᠨᠡᠶᠢᠲᠡᠯᠡᠭᠰᠡᠨ ᠴᠠᠭ᠄
2020-06-05
       ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠡᠴᠦᠰ ᠤᠨ ᠰᠢᠪᠲᠤᠯᠤᠯᠲᠠ ᠶᠢᠨ ᠱᠠᠲᠤᠨ ᠳᠤ ᠣᠷᠣᠵᠤ᠂ ᠤᠳᠠ ᠲᠣᠭᠤᠷᠢᠭ ᠨᠠᠩ ᠴᠢᠩᠭ᠎ᠠ ᠨᠠᠩ ᠨᠠᠷᠢᠨ ᠨᠠᠩ ᠴᠢᠩᠭ᠎ᠠ ᠰᠤᠷᠲᠠᠯ ᠢᠶᠠᠷ ᠪᠣᠳᠠᠲᠠᠶ ᠠᠳᠬᠤᠵᠤ᠂ ᠭᠦᠨᠵᠡᠭᠡᠶ ᠠᠳᠬᠤᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠶᠡᠷᠦᠩᠬᠡᠶ ᠳᠠᠭᠠᠷᠢᠯᠲᠠ ᠶᠢᠨ ᠡᠴᠦᠰ ᠤᠨ ᠢᠯᠠᠯᠲᠠ ᠢ ᠲᠡᠮᠡᠴᠡᠨ ᠤᠯᠬᠤ ᠶᠢ ᠪᠠᠲᠤᠯᠠᠪᠠ᠃        ᠰᠢᠯᠢᠳᠡᠭ ᠢ ᠨᠢ ᠰᠣᠩᠭᠤᠵᠤ ᠬᠦᠴᠦᠷᠬᠡᠭ ᠢ ᠨᠢ ᠲᠣᠬᠢᠷᠠᠭᠤᠯᠤᠨ᠎ᠠ᠂ ᠶᠠᠳᠠᠭᠤ ᠠᠴᠠ ᠠᠩᠭᠢᠵᠢᠷᠠᠭᠤᠯᠬᠤ ᠰᠠᠭᠤᠷᠢ ᠶᠢ ᠪᠠᠬᠢᠵᠢᠭᠦᠯᠦᠨ᠎ᠡ᠃ ᠤᠳᠠ ᠲᠣᠭᠤᠷᠢᠭ ᠳᠠᠪᠠᠭᠤᠯᠢᠭ ᠴᠡᠷᠢᠭ ᠤᠨ ᠬᠦᠴᠦᠨ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠬᠢᠵᠦ᠂ ᠴᠢᠩᠭ᠎ᠠ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠲᠡᠦᠬᠡ ᠶᠢᠨ ᠡᠭᠦᠷᠭᠡᠲᠦ ᠪᠤᠳᠤᠯ ᠢᠶᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠰᠠᠶᠢᠲᠤᠷ ᠠᠳᠬᠤᠪᠠ᠃ ᠨᠢᠭᠡ ᠳᠤ᠂ ︽ᠤᠳᠠ ᠲᠣᠭᠤᠷᠢᠭ ᠤᠨ 2020 ᠣᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠠᠳᠠᠭᠤ ᠶᠢ ᠲᠡᠳᠬᠦᠬᠦ ᠶᠠᠳᠠᠭᠤ ᠬᠦᠴᠢᠷᠳᠡᠯᠲᠡᠢ ᠬᠥᠮᠦᠨ ᠠᠮᠠ ᠶᠢ ᠴᠥᠭᠡᠳᠬᠡᠬᠦ ᠬᠡᠷᠡᠭᠵᠢᠭᠦᠯᠬᠦ ᠲᠥᠰᠦᠯ︾ ᠢ ᠲᠣᠭᠲᠠᠭᠠᠵᠤ᠂ ᠵᠢᠢ ᠣᠣ ᠨᠢ᠂ ᠢᠦᠶ ᠬᠤᠤ ᠲᠠᠷᠢᠶᠠᠯᠠᠩ᠂ ᠶᠠᠩ ᠭᠤᠸᠠᠩ ᠲᠢᠶᠠᠨ ᠢᠦᠶ ᠵᠡᠷᠭᠡ 7 ᠠᠵᠤ ᠠᠬᠤᠶᠢᠯᠠᠯ ᠲᠠᠢ ᠬᠠᠮᠵᠢᠯᠴᠠᠭᠠᠨ ᠤ ᠬᠠᠷᠢᠴᠠᠭ᠎ᠠ ᠪᠠᠶᠢᠭᠤᠯᠵᠤ᠂ ᠬᠤᠶᠠᠷ ᠲᠤ ︽ᠤᠳᠠ ᠲᠣᠭᠤᠷᠢᠭ ᠤᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯ ᠤᠨ ᠠᠵᠢᠯᠯᠠᠭ᠎ᠠ ︵2020 — 2022︶︾ ᠶᠢ ᠳᠠᠷᠤᠮᠠᠯᠯᠠᠨ ᠲᠠᠷᠬᠠᠭᠠᠵᠤ᠂ ᠮᠧᠶ ᠽᠧ ᠬᠠᠮᠲᠤ ᠶᠢᠨ ᠠᠵᠤ ᠠᠬᠤᠢ ᠶᠢᠨ ᠺᠣᠮᠫᠠᠨᠢ ᠲᠦᠷᠦᠭᠦᠯᠡᠨ ᠲᠠᠷᠢᠶᠠᠯᠠᠩ ᠤᠨ ᠠᠵᠤ ᠦᠢᠯᠡᠰ ᠤᠨ ᠬᠤᠯᠪᠣᠭᠠᠲᠤ ᠴᠤᠭᠴᠠ ᠶᠢ ᠪᠠᠶᠢᠭᠤᠯᠵᠤ᠂ ᠬᠠᠷᠢᠶ᠎ᠠ ᠣᠷᠣᠨ ᠤ ᠲᠠᠷᠢᠶᠠᠯᠠᠩ ᠤᠨ ᠠᠵᠤ ᠠᠬᠤᠶᠢᠯᠠᠯ᠂ ᠬᠤᠷᠰᠢᠶ᠎ᠠ᠂ ᠲᠠᠷᠢᠮᠠᠯ ᠤᠨ ᠲᠣᠮᠣ ᠡᠷᠦᠬᠡ ᠪᠠ ᠶᠠᠳᠠᠭᠤ ᠬᠦᠴᠢᠷᠳᠡᠯᠲᠡᠶ ᠡᠷᠦᠬᠡ ᠶᠢ ᠡᠮᠬᠢᠯᠡᠨ ᠨᠡᠶᠢᠯᠡᠭᠦᠯᠵᠦ᠂ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠲᠦᠷᠦᠭᠦᠯᠦᠨ᠂ ᠪᠦᠬᠦ ᠬᠤᠲᠠ ᠶᠢᠨ 39 ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠲᠠᠢ 242 ᠲᠦᠮᠡᠨ ᠲᠥᠭᠦᠷᠢᠭ ᠤᠨ ᠵᠠᠬᠢᠶᠠᠯᠠᠭ᠎ᠠ ᠶᠢᠨ ᠬᠠᠭᠤᠳᠠᠰᠤ ᠬᠤᠳᠠᠯᠳᠤᠨ ᠠᠪᠬᠤ ᠭᠡᠷ᠎ᠡ ᠲᠣᠭᠲᠠᠵᠤ ᠂ ᠬᠡᠷᠡᠭᠯᠡᠭᠡᠨ ᠤ ᠲᠡᠮᠳᠡᠭ ᠢ 15 ᠲᠦᠮᠡᠨ ᠲᠥᠭᠦᠷᠢᠭ ᠲᠠᠷᠬᠠᠭᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠪᠤᠷᠤᠯᠠᠭᠤᠯᠤᠯᠲᠠ ᠶᠢᠨ ᠵᠠᠮ ᠢ ᠥᠷᠭᠡᠳᠬᠡᠵᠦ᠂ ᠶᠠᠳᠠᠭᠤ ᠬᠦᠴᠢᠷᠳᠡᠯᠲᠡᠢ ᠡᠷᠦᠬᠡ ᠶᠢᠨ ᠠᠰᠢᠭ ᠣᠷᠣᠯᠭ᠎ᠠ ᠶᠢ ᠳᠡᠭᠡᠭᠰᠢᠯᠡᠭᠦᠯᠦᠨ᠎ᠡ᠃        ᠬᠠᠮᠤᠭ ᠴᠢᠳᠠᠯ ᠢᠶᠠᠷ ᠢᠶᠠᠨ ᠪᠠᠶᠢᠯᠳᠤᠵᠤ᠂ ᠶᠠᠳᠠᠭᠤ ᠠᠴᠠ ᠠᠩᠭᠢᠵᠢᠷᠠᠭᠤᠯᠬᠤ ᠲᠠᠯ᠎ᠠ ᠪᠠᠷ ᠰᠢᠨ᠎ᠡ ᠶᠢ ᠡᠭᠦᠳᠪᠡ᠃ ︽ᠦᠨᠳᠦᠰᠦᠨ ᠱᠠᠲᠤᠨ ᠳᠤ ᠬᠤᠭᠤᠯᠠᠨ ᠤ ᠨᠡᠷᠡᠰ ᠵᠠᠬᠢᠶᠠᠯᠠᠬᠤ᠂ ᠲᠤᠬᠠᠶ ᠶᠢᠨ ᠭᠠᠵᠠᠷ ᠲᠤᠨᠢ ᠪᠣᠯᠪᠠᠰᠤᠷᠠᠯ ᠬᠢᠬᠦ︾ ᠠᠷᠭ᠎ᠠ ᠮᠠᠶ᠋ᠢᠭ ᠢ ᠠᠪᠴᠤ᠂ ᠪᠦᠬᠦ ᠲᠤᠭᠤᠷᠢᠭ ᠤᠨ ᠨᠠᠮ ᠵᠠᠰᠠᠭ ᠤᠨ ᠤᠳᠤᠷᠢᠳᠬᠤ ᠺᠠᠳ᠋ᠷ᠂ ᠰᠠᠯᠠᠭ᠎ᠠ ᠮᠥᠴᠢᠷ ᠤᠨ ᠠᠵᠢᠯ ᠲᠥᠷᠥᠯ ᠤᠨ ᠺᠠᠳ᠋ᠷ᠂ ᠶᠠᠳᠠᠭᠤ ᠶᠢ ᠲᠡᠳᠬᠦᠬᠦ ᠰᠢᠰᠲ᠋ᠧᠮ ᠤᠨ ᠺᠠᠳ᠋ᠷ᠂ ᠲᠣᠰᠬᠤᠨ ᠳᠤ ᠰᠠᠭᠤᠭ᠎ᠠ ᠺᠠᠳ᠋ᠷ᠂ ᠲᠣᠰᠬᠤᠨ ᠤ ᠺᠠᠳ᠋ᠷ ᠵᠡᠷᠭᠡ 5 ᠲᠦᠷᠦᠯ ᠤᠨ ᠬᠥᠮᠦᠰ ᠲᠤ ᠪᠦᠬᠦᠨ ᠢ ᠬᠠᠮᠤᠷᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠡᠭᠡᠯᠵᠢᠯᠡᠨ ᠥᠷᠨᠢᠭᠦᠯᠵᠦ᠂ ᠪᠣᠳᠠᠲᠤ ᠳᠠᠶᠢᠨ ᠤ ᠴᠢᠳᠠᠪᠤᠷᠢ ᠪᠠ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠡᠶᠢᠲᠡ 120 ᠭᠠᠷᠤᠶ ᠣᠷᠬᠤᠳᠠᠶ ᠶᠢᠨ ᠪᠣᠯᠪᠠᠰᠤᠷᠠᠯ ᠬᠢᠵᠡᠶ᠃ ︽ᠳᠣᠲᠣᠭᠠᠳᠤ ᠭᠠᠳᠠᠭᠠᠳᠤ ᠶᠢ ᠤᠶᠠᠯᠳᠤᠭᠤᠯᠬᠤ᠂ ᠳᠡᠭᠡᠳᠦ ᠳᠣᠣᠷᠠᠳᠤ ᠱᠠᠲᠤ ᠬᠤᠯᠪᠣᠭᠠᠯᠠᠨ ᠬᠥᠳᠡᠯᠦᠯᠴᠡᠬᠦ︾  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠺᠠᠳ᠋ᠷ ᠢ ᠬᠥᠮᠦᠵᠢᠭᠦᠯᠬᠦ ᠵᠠᠭᠪᠤᠷ ᠢ ᠠᠪᠴᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠲᠠᠪᠤᠨ ᠴᠠᠭ ᠬᠠᠭᠠᠰ ᠤᠨ ᠶᠡᠭᠡ ᠬᠢᠴᠢᠶᠡᠯ ᠤᠨ ᠲᠠᠩᠬᠢᠮ ᠤᠨ ᠠᠵᠢᠯᠯᠠᠭ᠎ᠠ ᠶᠢ ᠰᠢᠨ᠎ᠡ ᠶᠢ ᠡᠭᠦᠳᠦᠨ ᠥᠷᠨᠢᠭᠦᠯᠵᠦ᠂ ᠶᠠᠳᠠᠭᠤ ᠶᠢ ᠲᠡᠳᠬᠦᠬᠦ ᠺᠠᠳ᠋ᠷ ᠤᠨ ᠲᠤᠰᠬᠠᠶ ᠮᠡᠷᠭᠡᠵᠢᠯ ᠤᠨ ᠴᠢᠳᠠᠪᠤᠷᠢ ᠪᠠ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃        ᠡᠷᠬᠡᠪᠰᠢ ᠨᠠᠷᠢᠯᠢᠭ ᠣᠨᠣᠴᠠᠲᠠᠶ ᠪᠠᠶᠢᠬᠤ ᠬᠡᠷᠡᠭᠲᠡᠶ᠂ ᠶᠠᠳᠠᠭᠤ ᠠᠴᠠ ᠠᠩᠭᠢᠵᠢᠷᠠᠭᠤᠯᠬᠤ ᠠᠷᠭ᠎ᠠ ᠪᠤᠳᠤᠯᠭ᠎ᠠ ᠶᠢ ᠰᠦᠪᠡᠭᠴᠢᠯᠡᠪᠡ᠃ ︽ᠤᠳᠠ ᠲᠣᠭᠤᠷᠢᠭ ᠤᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢ ᠰᠣᠩᠭᠤᠨ ᠲᠣᠮᠢᠯᠠᠬᠤ ᠬᠠᠮᠢᠶᠠᠷᠤᠯᠲᠠ ᠶᠢᠨ ᠠᠷᠭ᠎ᠠ︾᠂ ︽ᠤᠳᠠ ᠲᠣᠭᠤᠷᠢᠭ ᠤᠨ ᠨᠠᠮ ᠤᠨ ᠪᠠᠶᠢᠭᠤᠯᠤᠯᠲᠠ ᠶᠢ ᠠᠳᠬᠤᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠠᠬᠢᠭᠤᠯᠬᠤ ᠠᠵᠢᠯ ᠢ ᠬᠡᠷᠡᠭᠵᠢᠭᠦᠯᠬᠦ ᠰᠠᠨᠠᠯ ︾ ᠢ ᠲᠣᠭᠲᠠᠭᠠᠵᠤ᠂ ᠲᠣᠰᠬᠤᠨ ᠳᠤ ᠰᠠᠭᠤᠵᠤ ᠶᠠᠳᠠᠭᠤ ᠶᠢ ᠲᠡᠳᠬᠦᠬᠦ ᠠᠵᠢᠯ ᠤᠨ ᠭᠡᠰᠢᠭᠦᠳ ᠢ ᠰᠣᠩᠭᠤᠨ ᠲᠣᠮᠢᠯᠠᠬᠤ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠰᠠᠨᠠᠯ ᠵᠡᠷᠭᠡ ᠪᠢᠴᠢᠭ ᠮᠠᠲ᠋ᠧᠷᠢᠶᠠᠯ ᠢ ᠲᠣᠭᠲᠠᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠤᠲᠠ ᠶᠢᠨ ᠲᠡᠰ ᠤᠨ ᠤᠳᠤᠷᠢᠳᠤᠯᠭ᠎ᠠ᠂ ᠠᠵᠢᠯ ᠲᠥᠷᠥᠯ ᠤᠨ ᠶᠠᠳᠠᠭᠤ ᠶᠢ ᠲᠡᠳᠬᠦᠬᠦ ᠰᠠᠯᠠᠭ᠎ᠠ ᠮᠥᠴᠢᠷ᠂ ᠪᠠᠶᠢᠯᠳᠤᠭᠠᠨ ᠬᠢᠬᠦ ᠰᠠᠯᠪᠤᠷᠢ ᠪᠠᠭ᠎ᠠ ᠠᠩᠭᠢ᠂ ᠴᠡᠭ ᠲᠣᠭᠲᠠᠭᠠᠨ ᠶᠠᠳᠠᠭᠤ ᠶᠢ ᠲᠡᠳᠬᠦᠬᠦ ᠨᠢᠭᠡᠴᠡ ᠵᠢᠴᠢ ᠪᠣᠭᠴᠣ ᠡᠭᠦᠷᠬᠦ ᠬᠠᠷᠢᠭᠤᠴᠠᠯᠭᠠᠲᠠᠨ ᠤ ᠡᠭᠦᠷᠭᠡ ᠶᠢᠨ ᠨᠠᠷᠢᠨ ᠳᠠᠩᠰᠠ ᠶᠢ ᠨᠠᠷᠢᠯᠢᠭᠵᠢᠭᠤᠯᠵᠤ᠂ ᠠᠵᠢᠯᠴᠢ ᠬᠥᠳᠡᠯᠮᠦᠷᠢᠴᠢ ᠶᠢ ᠱᠠᠩᠨᠠᠵᠤ ᠠᠯᠵᠠᠭᠤ ᠵᠠᠯᠬᠠᠭᠤ ᠶᠢ ᠲᠣᠷᠭᠠᠵᠤ ᠬᠠᠷᠢᠭᠤᠴᠠᠯᠭ᠎ᠠ ᠨᠡᠬᠡᠮᠵᠢᠯᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠬᠢᠵᠦ ᠴᠢᠳᠠᠬᠤ᠂ ᠵᠣᠷᠢᠭᠲᠠᠶ ᠬᠢᠬᠦ᠂ ᠴᠢᠳᠠᠮᠠᠭᠠᠶ ᠪᠠᠷ ᠬᠢᠬᠦ ᠠᠵᠢᠯ ᠬᠢᠬᠦ ᠣᠷᠴᠢᠨ ᠨᠥᠬᠦᠴᠡᠯ ᠢ ᠪᠤᠢ ᠪᠣᠯᠭᠠᠨ᠎ᠠ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号