ᠤᠳᠠ ᠲᠣᠭᠤᠷᠢᠭ ᠨᠠᠮ ᠤᠨ ᠪᠠᠶᠢᠭᠤᠯᠤᠯᠲᠠ ᠶᠢ ᠴᠢᠩᠭᠠᠳᠬᠠᠵᠤ ᠦᠨᠳᠦᠰᠦᠨ ᠱᠠᠲᠤᠨ ᠤ ᠵᠠᠰᠠᠯᠲᠠ ᠶᠢ | ᠬᠥᠲᠥᠯᠥᠨ ᠵᠢᠯᠤᠭᠤᠳᠴᠦ᠂ ︽ᠳᠤᠲᠠᠭᠤᠳᠠᠯ ᠢᠶᠠᠨ ᠨᠥᠬᠦᠪᠥᠷᠢᠯᠡᠬᠦ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠬᠦ᠂ | ᠲᠣᠭᠲᠠᠴᠠ ᠪᠠᠶᠢᠭᠤᠯᠬᠤ᠂ ᠴᠢᠳᠠᠪᠤᠷᠢ ᠪᠠᠨ ᠳᠡᠭᠡᠭᠰᠢᠯᠡᠭᠦᠯᠬᠦ︾ ᠪᠠᠷ ᠠᠵᠢᠯ ᠤᠨ ᠡᠬᠢᠯᠡᠯᠲᠡ ᠪᠣᠯᠭᠠᠵᠤ᠂ | ᠬᠠᠮᠢᠶᠠᠷᠤᠯᠲᠠ ᠡᠵᠡᠮᠳᠡᠯ ᠢ ᠴᠢᠩᠭᠠᠳᠬᠠᠬᠤ᠂ ᠲᠠᠪᠴᠠᠩ ᠢ ᠪᠠᠶᠢᠭᠤᠯᠬᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠣᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ | ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠶᠢ ᠴᠢᠬᠤᠯᠠᠴᠢᠯᠠᠵᠤ᠂ ᠤᠯᠤᠰ ᠲᠦᠷᠦ ᠶᠢᠨ | ᠤᠳᠤᠷᠢᠳᠬᠤ ᠴᠢᠳᠠᠪᠤᠷᠢ ᠢᠯᠡᠳᠲᠡ ᠴᠢᠩᠭᠠᠷᠠᠪᠠ᠃ ︽ᠤᠳᠠ ᠲᠣᠭᠤᠷᠢᠭ ᠤᠨ ᠨᠡᠶᠢᠭᠡᠮ ᠲᠣᠭᠤᠷᠢᠭ ᠤᠨ | ᠠᠵᠢᠯ ᠤᠨ ᠵᠥᠪᠰᠢᠶᠡᠷᠡᠨ ᠣᠷᠣᠭᠤᠯᠬᠤ ᠳᠦᠷᠢᠮ ︵ᠲᠤᠷᠰᠢᠨ ᠬᠡᠷᠡᠭᠵᠢᠭᠦᠯᠬᠦ︶︾ ︽ᠨᠡᠶᠢᠭᠡᠮ ᠲᠣᠭᠤᠷᠢᠭ ᠤᠨ | ᠵᠠᠰᠠᠯᠲᠠ ᠶᠢ ᠴᠢᠩᠭᠠᠳᠬᠠᠨ ᠲᠡᠭᠦᠯᠳᠡᠷᠵᠢᠭᠦᠯᠬᠦ ᠶᠢᠨ ᠬᠡᠷᠡᠭᠵᠢᠭᠦᠯᠬᠦ ᠲᠥᠰᠦᠯ︾᠂ ︽ᠬᠤᠲᠠ ᠪᠠᠯᠭᠠᠰᠤᠨ ᠤ ᠨᠡᠶᠢᠭᠡᠮ | ᠲᠣᠭᠤᠷᠢᠭ ᠤᠨ ᠠᠵᠢᠯᠲᠠᠨ ᠤ ᠬᠥᠯᠥᠰᠥ ᠣᠯᠭᠤᠮᠵᠢ ᠶᠢᠨ ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠤᠬᠠᠶ | ᠮᠡᠳᠡᠭᠳᠡᠯ︾ ᠵᠡᠷᠭᠡ ᠳᠦᠷᠢᠮ ᠲᠣᠭᠲᠠᠭᠠᠯ ᠢ ᠨᠡᠶᠢᠲᠡᠯᠡᠵᠦ᠂ ᠵᠠᠰᠠᠯᠲᠠ ᠶᠢᠨ ᠪᠣᠷᠣ ᠲᠥᠯᠥᠪ ᠢ ᠪᠠᠶᠢᠭᠤᠯᠵᠤ᠂ ᠴᠠᠯᠢᠩ | ᠬᠥᠯᠥᠰᠥ ᠶᠢ ᠲᠡᠭᠦᠯᠳᠡᠷᠵᠢᠭᠦᠯᠵᠦ᠂ ᠪᠠᠶᠢᠷᠢᠯᠠᠭᠤᠯᠬᠤ ᠠᠵᠢᠯ ᠣᠯᠠᠰᠢᠷᠠᠬᠤ ᠵᠡᠷᠭᠡ ᠠᠰᠠᠭᠤᠳᠠᠯ ᠢ ᠰᠢᠢᠳᠪᠦᠷᠢᠯᠡᠨ᠎ᠡ᠃ | ᠵᠡᠭᠡᠯᠢ ᠭᠤᠳᠤᠮᠵᠢ ᠳᠤ ᠵᠥᠪᠰᠢᠶᠡᠷᠡᠬᠦ ᠡᠷᠬᠡ᠂ ᠰᠠᠨᠠᠭᠤᠯᠭ᠎ᠠ ᠳᠤᠷᠠᠳᠬᠤ ᠡᠷᠬᠡ᠂ ᠬᠠᠮᠢᠶᠠᠷᠬᠤ ᠡᠷᠬᠡ ᠵᠡᠷᠭᠡ | ᠳᠣᠯᠣᠭᠠᠨ ᠵᠦᠢᠯ ᠤᠨ ᠡᠷᠬᠡ ᠣᠯᠭᠤᠵᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠨᠡᠶᠢᠭᠡᠮ ᠲᠣᠭᠤᠷᠢᠭ ᠤᠨ | ᠬᠥᠭᠵᠢᠯᠲᠡ ᠶᠢ ᠨᠢᠭᠡᠳᠦᠯᠲᠡᠶ ᠲᠦᠯᠦᠪᠯᠡᠬᠦ᠂ ᠣᠯᠠᠨ ᠨᠡᠶᠢᠲᠡ ᠶᠢᠨ ᠦᠢᠯᠡᠴᠢᠯᠡᠭᠡ ᠶᠢ ᠵᠣᠬᠢᠶᠠᠨ ᠪᠠᠶᠢᠭᠤᠯᠬᠤ ᠵᠡᠷᠭᠡ | ᠨᠠᠢᠮᠠᠨ ᠡᠭᠦᠷᠭᠡ ᠴᠢᠳᠠᠪᠤᠷᠢ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠵᠢᠯ ᠤᠨ ᠬᠦᠴᠦᠨ ᠢ ᠵᠡᠭᠡᠯᠢ | ᠭᠤᠳᠤᠮᠵᠢ ᠨᠡᠶᠢᠭᠡᠮ ᠲᠣᠭᠤᠷᠢᠭ ᠲᠡᠰᠢ ᠳᠣᠷᠣᠭᠰᠢ ᠪᠠᠭᠤᠯᠭᠠᠬᠤ᠂ ᠡᠷᠬᠡ ᠲᠤᠰᠢᠶᠠᠯ ᠤᠨ ᠡᠬᠢ ᠪᠠᠶᠠᠯᠢᠭ ᠢ ᠵᠡᠭᠡᠯᠢ | ᠭᠤᠳᠤᠮᠵᠢ ᠨᠡᠶᠢᠭᠡᠮ ᠲᠣᠭᠤᠷᠢᠭ ᠲᠡᠰᠢ ᠪᠠᠭᠤᠯᠭᠠᠬᠤ ᠶᠢ ᠲᠦᠯᠬᠢᠨ ᠠᠬᠢᠭᠤᠯᠤᠨ᠎ᠠ᠃ | ᠵᠠᠰᠠᠬᠤ ᠲᠠᠪᠴᠠᠩ ᠪᠠᠶᠢᠭᠤᠯᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠴᠢᠳᠠᠪᠤᠷᠢ ᠢᠯᠡᠳᠲᠡ | ᠴᠢᠩᠭᠠᠷᠠᠪᠠ᠃ ︽ᠵᠡᠭᠡᠯᠢ ᠭᠤᠳᠤᠮᠵᠢ ᠱᠢᠶᠠᠩ ᠪᠠᠯᠭᠠᠰᠦ ᠠᠴᠠ ᠳᠠᠶᠢᠴᠢᠯᠠᠵᠦ᠂ ᠡᠯ᠎ᠡ ᠰᠠᠯᠠᠭ᠎ᠠ ᠮᠦᠴᠢᠷ | ᠬᠠᠮᠲᠤᠷᠠᠯᠴᠠᠬᠤ︾ ᠲᠤᠷᠰᠢᠯᠭ᠎ᠠ ᠪᠠᠷ ᠯᠠᠪᠯᠠᠯᠲᠠ ᠪᠣᠯᠭᠠᠵᠤ᠂ ︽ᠭᠤᠷᠪᠠᠨ ᠱᠠᠲᠤᠨ ᠤ ᠠᠷᠠᠳ ᠤᠨ ᠪᠠᠶᠢᠳᠠᠯ | ᠠᠷᠠᠳ ᠤᠨ ᠰᠠᠨᠠᠭ᠎ᠠ ᠶᠢ ᠵᠣᠬᠢᠴᠠᠭᠤᠯᠵᠤ ᠬᠡᠷᠡᠭ ᠵᠥᠪᠯᠡᠬᠦ ᠲᠣᠭᠲᠠᠴᠠ︾ ᠶᠢ ᠰᠠᠶᠢᠲᠤᠷ ᠬᠡᠷᠡᠭᠯᠡᠵᠦ᠂ ᠬᠤᠯᠪᠣᠭᠠᠯᠠᠨ | ᠵᠠᠰᠠᠬᠤ ᠪᠠᠷ ᠭᠤᠣᠯ ᠪᠣᠯᠭᠠᠭᠰᠠᠨ ᠲᠣᠤᠷᠯᠢᠭ ᠢ ᠵᠠᠰᠠᠬᠤ᠂ ᠨᠡᠶᠢᠭᠡᠮ ᠲᠣᠭᠤᠷᠢᠭ ᠢ ᠵᠠᠰᠠᠬᠤ᠂ ᠵᠡᠭᠡᠯᠢ ᠭᠤᠳᠤᠮᠵᠢ ᠶᠢ | ᠵᠠᠰᠠᠬᠤ ᠳᠤ ᠬᠠᠮᠲᠤ ᠪᠠᠷ ᠣᠷᠣᠯᠴᠠᠬᠤ ᠠᠵᠢᠯ ᠤᠨ ᠪᠠᠶᠢᠷᠢᠰᠢᠯ ︽ᠬᠠᠮᠲᠤᠷᠠᠭᠰᠠᠨ ᠨᠠᠮ ᠤᠨ ᠬᠤᠷᠢᠶ᠎ᠠ︾ ᠶᠢᠨ | ᠬᠠᠷᠢᠯᠴᠠᠨ ᠬᠠᠪᠰᠤᠷᠤᠯᠴᠠᠬᠤ ᠲᠠᠪᠴᠠᠩ ᠢ ᠪᠠᠶᠢᠭᠤᠯᠤᠨ ᠬᠦᠴᠦᠷᠬᠡᠭᠵᠢᠭᠦᠯᠵᠦ᠂ ᠡᠯ᠎ᠡ ᠵᠡᠭᠡᠯᠢ ᠭᠤᠳᠤᠮᠵᠢ ᠶᠢᠨ | ᠨᠠᠮ ᠤᠨ ᠠᠵᠢᠯᠯᠠᠬᠤ ᠬᠤᠷᠢᠶ᠎ᠠ᠂ ᠠᠵᠤ ᠦᠢᠯᠡᠳᠪᠦᠷᠢ ᠶᠢᠨ ᠬᠦᠷᠢᠶᠡᠯᠡᠩ ᠠᠵᠤ ᠠᠬᠤᠶᠢᠯᠠᠯ ᠤᠨ ᠨᠠᠮ ᠤᠨ ᠵᠣᠬᠢᠶᠠᠨ | ᠪᠠᠶᠢᠭᠤᠯᠤᠯᠲᠠ ᠪᠣᠯᠤᠨ ᠬᠡᠰᠡᠭ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢᠶᠠᠷ ᠪᠦᠷᠢᠯᠳᠦᠬᠦᠨ ᠪᠣᠯᠭᠠᠭᠰᠠᠨ ᠨᠠᠮ ᠤᠨ | ᠬᠤᠷᠢᠶᠠᠨ ᠤ ᠵᠣᠬᠢᠴᠠᠭᠤᠯᠬᠤ ᠴᠢᠳᠠᠪᠤᠷᠢ ᠶᠢ ᠴᠢᠩᠭᠠᠳᠬᠠᠵᠤ᠂ ᠲᠦᠪᠯᠡᠷᠡᠭᠦᠯᠦᠨ ᠤᠷᠢᠬᠤ᠂ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠤ ᠠᠬᠤᠶᠢᠯᠠᠯ ᠳᠤ 2000 ᠭᠠᠷᠤᠶ | ᠴᠢᠳᠠᠪᠤᠷᠢᠲᠠᠨ ᠢ ᠬᠦᠷᠭᠡᠵᠡᠶ᠃ ᠠᠵᠤ ᠠᠬᠤᠶᠢᠯᠠᠯ 3 ᠵᠢᠯ ᠠᠴᠠ ᠳᠡᠭᠡᠭᠰᠢ ᠬᠤᠤᠷ ᠲᠠᠲᠠᠬᠤ ᠪᠠᠨ ᠵᠣᠭᠰᠣᠬᠤ | ᠬᠥᠮᠦᠰ ᠢ 100 ᠭᠠᠷᠤᠶ ᠲᠦᠪᠬᠢᠨᠡᠭᠦᠯᠪᠡ᠃ ︽ᠲᠣᠣᠷᠯᠢᠭ ᠬᠠᠮᠢᠶᠠᠷᠤᠯᠲᠠ︾ ᠶᠢᠨ ᠪᠢᠴᠢᠯ ᠲᠠᠪᠴᠠᠩ ᠢ | ᠪᠠᠶᠢᠭᠤᠯᠵᠤ᠂ ︽ᠨᠢᠭᠡ ᠲᠣᠣᠷ ᠮᠢᠩᠭᠠᠨ ᠱᠤᠭᠤᠮ ᠨᠡᠪᠲᠡᠷᠡᠬᠦ︾ ᠢᠨᠵᠧᠨᠧᠷᠢᠩ ᠢ ᠬᠡᠷᠡᠭᠵᠢᠭᠦᠯᠵᠦ᠂ ᠪᠦᠬᠦ | ᠲᠤᠭᠤᠷᠢᠭ ᠲᠤ 197 ᠲᠣᠣᠷᠵᠢᠯ ᠢ ᠠᠩᠬ᠎ᠠ ᠠᠯᠬᠤᠮ ᠬᠤᠪᠢᠶᠠᠷᠢᠯᠠᠪᠠ᠃ ᠵᠢᠱᠢᠯᠲᠡ ᠪᠠᠷ ᠡᠯ᠎ᠡ ᠲᠥᠷᠥᠯ ᠤᠨ | ᠲᠣᠤᠷᠵᠢᠭᠤᠯᠤᠭᠰᠠᠨ ᠬᠠᠮᠢᠶᠠᠷᠤᠯᠲᠠ ᠶᠢᠨ ᠠᠵᠢᠯᠲᠠᠨ 338 ᠬᠥᠮᠦᠨ ᠲᠣᠬᠢᠷᠠᠭᠤᠯᠵᠤ᠂ ᠨᠡᠶᠢᠭᠡᠮ ᠤᠨ ᠪᠠᠶᠢᠳᠠᠯ | ᠠᠷᠠᠳ ᠤᠨ ᠰᠠᠨᠠᠭ᠎ᠠ ᠶᠢ ᠴᠤᠭᠯᠠᠭᠤᠯᠬᠤ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ᠂ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠠᠮᠤᠷ ᠢ ᠬᠠᠮᠠᠭᠠᠯᠠᠬᠤ ᠭᠠᠯ ᠤᠨᠲᠠᠷᠠᠭᠠᠬᠤ᠂ ᠵᠠᠬᠢᠳᠠᠯ ᠰᠤᠷᠪᠤᠯᠵᠢᠯᠠᠯ | ᠲᠣᠭᠲᠠᠭᠤᠨ ᠢ ᠬᠠᠮᠠᠭᠠᠯᠠᠬᠤ ᠵᠡᠷᠭᠡ ᠡᠯ᠎ᠡ ᠵᠦᠢᠯ ᠤᠨ ᠠᠵᠢᠯ ᠢ ᠪᠦᠬᠦᠨ ᠢ ᠬᠠᠮᠤᠷᠤᠭᠤᠯᠬᠤ ᠶᠢ ᠪᠡᠶᠡᠯᠡᠭᠦᠯᠦᠨ᠎ᠡ᠃ | ᠵᠠᠰᠠᠯᠲᠠ ᠶᠢᠨ ᠪᠣᠳᠠᠲᠤ ᠦᠷ᠎ᠡ ᠪᠦᠲᠦᠮᠵᠢ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠳᠤ | ᠦᠢᠯᠡᠴᠢᠯᠡᠬᠦ ᠴᠢᠳᠠᠪᠤᠷᠢ ᠢᠯᠡᠳᠲᠡ ᠳᠡᠭᠡᠭᠰᠢᠯᠡᠪᠡ᠃ ᠠᠵᠢᠯᠯᠠᠵᠤ ᠪᠠᠶᠢᠭ᠎ᠠ ᠨᠠᠮ ᠤᠨ ᠭᠡᠰᠢᠭᠦᠨ᠂ ᠠᠵᠢᠯ ᠠᠴᠠ ᠪᠠᠨ | ᠠᠮᠠᠷᠠᠭᠰᠠᠨ ᠨᠠᠮ ᠤᠨ ᠭᠡᠰᠢᠭᠦᠨ᠂ ᠨᠡᠭᠦᠳᠡᠯ ᠨᠠᠮ ᠤᠨ ᠭᠡᠰᠢᠭᠦᠨ ᠪᠠ ᠰᠠᠭᠤᠭᠠᠯᠢ ᠠᠷᠠᠳ ᠤᠨ ᠨᠠᠮ ᠤᠨ ᠭᠡᠰᠢᠭᠦᠨ ᠢ | ᠰᠦᠯᠵᠢᠶᠡᠨ ᠤ ᠬᠠᠮᠢᠶᠠᠷᠤᠯᠲᠠ ᠳᠤ ᠣᠷᠣᠭᠤᠯᠵᠤ᠂ ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ | ᠠᠵᠢᠯᠯᠠᠭ᠎ᠠ ᠶᠢ ᠥᠷᠨᠢᠭᠦᠯᠦᠨ᠎ᠡ᠃ ᠨᠠᠮ ᠤᠨ ᠵᠣᠬᠢᠶᠠᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠡᠶ᠎ᠡ | ᠵᠣᠬᠢᠴᠠᠯ ᠲᠠᠢ ᠬᠠᠮᠲᠤ ᠪᠠᠷ ᠪᠠᠶᠢᠭᠤᠯᠬᠤ ᠬᠡᠷᠡᠭ ᠡᠷᠬᠢᠯᠡᠭᠴᠢᠳ ᠤᠨ ᠬᠤᠷᠠᠯ᠂ ᠭᠠᠷ ᠭᠠᠷ ᠢᠶᠠᠨ ᠬᠤᠯᠪᠣᠨ ᠬᠠᠶᠢᠷᠠᠯᠠᠬᠤ | ᠨᠡᠶᠢᠭᠡᠮᠯᠢᠭ ᠵᠡᠷᠭᠡ ᠡᠯ᠎ᠡ ᠲᠥᠷᠥᠯ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ 37᠂ ᠰᠠᠶᠢᠨ ᠳᠤᠷ᠎ᠠ ᠶᠢᠨ | ᠦᠢᠯᠡᠴᠢᠯᠡᠭᠡᠨ ᠤ ᠠᠩᠭᠢ 135᠂ ᠵᠣᠬᠢᠴᠠᠭᠤᠯᠬᠤ ᠪᠠᠶᠢᠭᠤᠯᠤᠮᠵᠢ 9᠂ ᠬᠡᠤᠬᠡᠳ ᠢ ᠬᠠᠯᠠᠮᠵᠢᠯᠠᠨ ᠬᠠᠶᠢᠷᠠᠯᠠᠬᠤ᠂ | ᠶᠠᠳᠠᠭᠤ ᠬᠦᠴᠢᠷᠳᠡᠯᠲᠡᠶ ᠭᠡᠷ ᠪᠦᠯᠢ ᠶᠢ ᠬᠠᠯᠠᠮᠵᠢᠯᠠᠬᠤ᠂ ᠪᠠᠭᠤᠷᠠᠶ ᠬᠠᠮᠲᠤᠯᠢᠭ ᠢ ᠬᠠᠯᠠᠮᠵᠢᠯᠠᠬᠤ ᠵᠡᠷᠭᠡ ᠲᠠᠯ᠎ᠠ ᠶᠢᠨ | ᠴᠢᠳᠠᠪᠤᠷᠢ ᠶᠢ ᠪᠥᠬᠦ ᠲᠠᠯ᠎ᠠ ᠪᠠᠷ ᠴᠢᠩᠭᠠᠷᠠᠭᠤᠯᠤᠨ᠎ᠠ᠃ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ | ᠬᠡᠯᠪᠡᠷᠢ ᠪᠠᠷ᠂ ᠨᠠᠰᠤᠵᠢᠯ ᠤᠨ ᠠᠰᠠᠷᠠᠮᠵᠢ ᠶᠢᠨ ᠲᠤᠰᠬᠠᠢ ᠦᠢᠯᠡᠴᠢᠯᠡᠭᠡᠨ ᠤ ᠺᠣᠮᠫᠠᠨᠢ ᠶᠢ ᠣᠷᠣᠭᠤᠯᠤᠨ ᠠᠪᠴᠢᠷᠠᠬᠤ | ᠲᠤᠷᠰᠢᠯᠲᠠ ᠬᠢᠵᠦ᠂ ᠵᠡᠮᠳᠡᠭ᠂ ᠣᠨᠴᠠ ᠬᠦᠴᠢᠷᠳᠡᠯᠲᠡᠶ ᠠᠰᠠᠷᠠᠨ ᠲᠡᠵᠢᠭᠡᠬᠦ ᠡᠲᠡᠭᠡᠳ᠂ ᠠᠰᠠᠷᠠᠨ ᠬᠠᠷᠠᠭᠠᠯᠵᠠᠬᠤ | ᠡᠲᠡᠭᠡᠳ ᠵᠡᠷᠭᠡ 6 ᠲᠥᠷᠥᠯ ᠤᠨ ᠨᠠᠰᠤᠲᠠᠶᠢᠴᠤᠳ ᠲᠤ ᠦᠨ᠎ᠡ ᠲᠥᠯᠥᠪᠦᠷᠢ ᠥᠬᠡᠶ ᠦᠢᠯᠡᠴᠢᠯᠡᠭᠡ ᠬᠠᠩᠭᠠᠵᠤ᠂ | ᠬᠠᠷᠢᠶᠠᠲᠤ ᠣᠷᠣᠨ ᠤ 90% ᠶᠢᠨ ᠨᠠᠰᠤᠲᠠᠶᠢᠴᠤᠳ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ | ᠃ ︽ᠠᠮᠤᠷ ᠠᠮᠤᠭᠤᠯᠠᠩ ᠠᠰᠠᠷ ᠲᠠᠭᠲᠤ︾᠂ ︽ᠣᠳᠣᠨ ᠲᠡᠰ ᠤᠨ ᠨᠢᠭᠡᠴᠢ︾᠂ ︽ᠲᠠᠪᠤᠨ ᠰᠠᠶᠢᠨ ᠪᠣᠯᠪᠠᠰᠤᠨ | ᠭᠡᠷ ᠪᠦᠯᠢ︾᠂ ︽ᠵᠠᠭᠤᠨ ᠰᠠᠶᠢᠨ ᠪᠠᠭᠠᠴᠤᠳ︾ ᠢ ᠰᠢᠯᠭᠠᠷᠠᠭᠤᠯᠬᠤ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ | ᠵᠠᠰᠠᠯᠲᠠ ᠶᠢᠨ ᠵᠥᠭᠡᠯᠡᠨ ᠪᠣᠳᠠᠲᠤ ᠬᠦᠴᠦᠨ ᠢ ᠴᠢᠩᠭᠠᠳᠬᠠᠨ᠎ᠠ᠃ ᠣᠳᠣᠬᠠᠨ ᠳᠤ᠂ ᠠᠮᠤᠷ ᠠᠮᠤᠭᠤᠯᠠᠩ ᠬᠡᠷ | ᠪᠦᠯᠢ ᠶᠢ ᠡᠭᠦᠳᠦᠨ ᠪᠠᠶᠢᠭᠤᠯᠬᠤ ᠨᠣᠷᠮ᠎ᠠ ᠶᠢ 33 ᠵᠠᠭᠤᠨ ᠤ ᠨᠢᠭᠡᠴᠢ ᠳᠡᠭᠡᠭᠰᠢᠯᠡᠭᠦᠯᠵᠦ᠂ ᠬᠠᠷᠢᠶ᠎ᠠ ᠣᠷᠣᠨ ᠳᠠᠬᠢ | ᠠᠮᠤᠷ ᠢ ᠬᠠᠮᠠᠭᠠᠯᠠᠬᠤ᠂ ᠡᠷᠡᠭᠦᠤ ᠶᠢᠨ ᠬᠡᠷᠡᠭ ᠭᠠᠷᠤᠭᠰᠠᠨ ᠨᠤᠷᠮ᠎ᠠ ᠶᠢ 39% ᠪᠠᠷ ᠪᠠᠭᠤᠷᠠᠭᠤᠯᠪᠠ᠃ | |