ᠤᠳᠠ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠨᠠᠮ ᠤᠨ ᠠᠵᠢᠯᠯᠠᠬᠤ ᠬᠤᠷᠢᠶ᠎ᠠ ︽ᠳᠣᠯᠣᠭᠠᠨ ᠰᠠᠷ᠎ᠠ ᠶᠢᠨ ᠨᠢᠭᠡᠨ ᠢ ᠤᠭᠲᠤᠵᠤ᠂ ᠨᠠᠮ ᠤᠨ ᠲᠡᠤᠬᠡ ᠶᠢ ᠡᠷᠭᠢᠴᠡᠭᠦᠯᠵᠦ᠂ ᠡᠷᠡᠭᠦᠯ ᠮᠡᠨᠳᠦ ᠶᠢ ᠡᠳ᠋ᠯᠡᠬᠦ︾ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020-07-03
       
       ᠭᠠᠯ ᠤᠯᠠᠭᠠᠨ ᠳᠣᠯᠣᠳᠤᠭᠠᠷ ᠰᠠᠷ᠎ᠠ ᠳᠤ ᠨᠠᠮ ᠤᠨ ᠲᠤᠭ ᠨᠠᠮᠢᠷᠠᠨ᠎ᠠ᠃ ᠥᠷᠭᠡᠨ ᠣᠯᠠᠨ ᠨᠠᠮ ᠤᠨ ᠭᠡᠰᠢᠭᠦᠨ ᠤ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠠᠮ ᠤᠨ ᠰᠢᠯᠢᠳᠡᠭ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠬᠤ ᠶᠢ ᠬᠥᠮᠦᠵᠢᠭᠦᠯᠦᠨ ᠵᠢᠯᠤᠭᠤᠳᠬᠤ ᠶᠢᠨ ᠲᠥᠯᠥᠭᠡ ᠨᠠᠮ ᠤᠨ ᠪᠠᠶᠢᠭᠤᠯᠤᠯᠲᠠ ᠶᠢᠨ ᠠᠵᠢᠯ ᠤᠨ ᠬᠥᠲᠥᠯᠥᠨ ᠳᠠᠭᠠᠭᠤᠯᠬᠤ ᠦᠢᠯᠡᠳᠦᠯ ᠢ ᠤᠯᠠᠮ ᠨᠢᠭᠡ ᠠᠯᠬᠤᠮ  ᠪᠠᠳᠠᠷᠠᠭᠤᠯᠵᠦ᠂ ᠲᠤᠭᠤᠷᠢᠭ ᠤᠨ ᠨᠠᠮ ᠤᠨ ᠬᠤᠷᠢᠶᠠᠨ ᠤ ᠨᠢᠭᠡᠳᠦᠯᠲᠡᠶ ᠲᠣᠬᠢᠷᠠᠭᠤᠯᠤᠯᠲᠠ ᠶᠣᠰᠣᠭᠠᠷ᠂ ᠨᠠᠮ ᠪᠠᠶᠢᠭᠤᠯᠤᠭᠳᠠᠭᠰᠠᠨ 99 ᠵᠢᠯ ᠤᠨ ᠤᠢ ᠶᠢ ᠪᠠᠶᠠᠷᠯᠠᠨ ᠤᠭᠲᠤᠬᠤ ᠲᠠᠰᠢᠷᠠᠮ ᠢᠶᠠᠷ᠂ ᠤᠳᠠ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠨᠠᠮ ᠤᠨ ᠠᠵᠢᠯᠯᠠᠬᠤ ᠬᠤᠷᠢᠶ᠎ᠠ᠂ ᠤᠳᠠ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ᠂ ᠤᠳᠠ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ᠂ ᠤᠳᠠ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠤᠪᠴᠢᠶ᠎ᠠ᠂ ᠦᠬᠠᠢ ᠬᠤᠲᠠ ᠶᠢᠨ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠦᠷᠢᠶᠡᠯᠡᠩ ᠲᠠᠢ ᠬᠤᠯᠪᠣᠭᠠᠯᠠᠵᠤ᠂ ︽ᠳᠣᠯᠣᠭᠠᠨ ᠰᠠᠷ᠎ᠠ ᠶᠢᠨ ᠨᠢᠭᠡᠨ ᠢ ᠤᠭᠲᠤᠵᠤ᠂ ᠨᠠᠮ ᠤᠨ ᠲᠡᠤᠬᠡ ᠶᠢ ᠡᠷᠭᠢᠴᠡᠭᠦᠯᠵᠦ᠂ ᠡᠷᠡᠭᠦᠯ ᠮᠡᠨᠳᠦ ᠶᠢ ᠡᠳ᠋ᠯᠡᠬᠦ︾ ᠪᠠᠷ ᠭᠤᠤᠯ ᠰᠡᠳᠦᠪ ᠪᠣᠯᠭᠠᠨ᠂ ᠠᠭᠤᠯᠠᠨ᠎ᠠ ᠨᠢ ᠪᠠᠶᠠᠯᠢᠭ᠂ ᠣᠯᠠᠨ ᠶᠠᠩᠵᠤ ᠬᠡᠯᠪᠡᠷᠢ ᠶᠢᠨ ︽ᠤᠯᠠᠭᠠᠨ ᠳᠠᠭᠤᠤ ᠳᠠᠭᠤᠯᠠᠵᠤ᠂ ᠢᠳᠡᠷᠡᠭᠦᠨ ᠠᠯᠬᠤᠭ᠎ᠠ ᠪᠠᠷ ᠶᠠᠪᠤᠬᠤ︾ ᠭᠤᠣᠯ ᠰᠡᠳᠦᠪᠲᠦ ᠬᠦᠳᠡᠯᠭᠡᠭᠡᠨ ᠥᠷᠨᠢᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 99 ᠵᠢᠯ ᠤᠨ ᠤᠢ ᠶᠢ ᠬᠠᠯᠠᠭᠤᠨ ᠢᠶᠠᠷ ᠪᠡᠯᠭᠡᠯᠡᠪᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠺᠠᠳ᠋ᠷ ᠠᠵᠢᠯᠲᠠᠨ ᠠᠵᠢᠯᠴᠢᠨ ᠤ ᠲᠥᠯᠥᠭᠡᠯᠡᠭᠴᠢ᠂ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠠᠵᠢᠯᠴᠢᠨ ᠤ ᠶᠡᠷᠦᠩᠬᠡᠶ ᠡᠪᠯᠡᠯ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ᠂ ᠦᠬᠠᠶ ᠬᠤᠲᠠ ᠶᠢᠨ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠦᠷᠢᠶᠡᠯᠡᠩ ᠤᠨ 300 ᠭᠠᠷᠤᠶ ᠠᠵᠢᠯᠲᠠᠨ ᠠᠵᠢᠯᠴᠢᠨ ᠠᠵᠢᠯᠯᠠᠭ᠎ᠠ ᠳᠤ ᠣᠷᠣᠯᠴᠠᠵᠠᠶ᠃        ᠨᠠᠮ ᠳᠤ ᠣᠷᠣᠬᠤ ᠲᠠᠩᠭᠠᠷᠢᠭ ᠤᠨ ᠦᠭᠡ ᠶᠢ ᠲᠠᠬᠢᠨ ᠡᠷᠭᠢᠴᠡᠭᠦᠯᠵᠦ᠂ ᠨᠠᠮ ᠳᠤ ᠣᠷᠣᠬᠤ ᠤᠭ ᠰᠠᠨᠠᠭ᠎ᠠ ᠪᠠᠨ ᠡᠭᠦᠷᠢᠳᠡ ᠬᠠᠳᠠᠭᠠᠯᠠᠨ᠎ᠠ᠃
       ᠣᠮᠤᠭ ᠲᠡᠭᠦᠯᠳᠡᠷ ︽ᠵᠢᠷᠤᠮ ᠤᠨ ᠴᠡᠷᠢᠭ ᠤᠨ ᠤᠷᠤᠭᠰᠢᠯᠠᠯᠲᠠ ᠶᠢᠨ ᠬᠥᠭᠵᠢᠮ︾ ᠢ ᠳᠠᠭᠠᠯᠳᠤᠨ᠂ ᠪᠦᠬᠦ ᠬᠥᠮᠦᠰ ᠲᠥᠪ ᠬᠢᠴᠢᠶᠡᠩᠭᠦᠢ ᠵᠣᠭᠰᠣᠵᠤ᠂ ᠤᠯᠤᠰ ᠤᠨ ᠰᠦᠯᠳᠡ ᠳᠠᠭᠤᠤ ᠶᠢ ᠬᠠᠮᠲᠤ ᠪᠠᠷ ᠳᠠᠭᠤᠯᠠᠵᠤ᠂ ᠨᠠᠮ ᠪᠠ ᠡᠬᠡ ᠤᠯᠤᠰ ᠲᠠᠭᠠᠨ ᠬᠢᠵᠠᠭᠠᠯᠠᠰᠢ ᠦᠭᠡᠢ ᠦᠨᠡᠨᠴᠢ ᠰᠢᠳᠤᠷᠭᠤ ᠪᠠ ᠬᠠᠶᠢᠷ᠎ᠠ ᠬᠠᠯᠠᠮᠵᠢ ᠪᠠᠨ ᠦᠨᠡᠨᠴᠢ ᠪᠠᠷ  ᠢᠯᠡᠳᠬᠡᠪᠡ᠃ ᠳᠠᠷᠠᠭ᠎ᠠ ᠨᠢ ᠲᠥᠪ ᠴᠢᠩᠭ᠎ᠠ ᠪᠠᠷ ᠲᠠᠩᠭᠠᠷᠢᠭᠯᠠᠵᠤ᠂ ᠲᠠᠩᠭᠠᠷᠢᠭ ᠢᠶᠠᠨ ᠪᠠᠲᠤ ᠴᠡᠭᠡᠵᠢᠯᠡᠪᠡ᠃ ᠪᠦᠬᠦ ᠨᠠᠮ ᠤᠨ ᠭᠡᠰᠢᠭᠦᠨ ᠨᠠᠮ ᠤᠨ ᠲᠤᠭ ᠵᠦᠭ ᠬᠠᠨᠳᠤᠵᠦ᠂ ᠤᠳᠠ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠯᠢᠦ ᠳ᠋ᠦᠩ ᠨᠠ ᠨᠥᠬᠦᠷ ᠲᠦᠷᠦᠭᠦᠯᠡᠨ ᠲᠠᠩᠭᠠᠷᠢᠭᠯᠠᠵᠤ᠂ ᠪᠦᠬᠦ ᠨᠠᠮ ᠤᠨ ᠭᠡᠰᠢᠭᠦᠳ ᠨᠠᠮ ᠳᠤ ᠣᠷᠣᠬᠤ ᠲᠠᠩᠭᠠᠷᠢᠭ ᠤᠨ ᠦᠭᠡ ᠪᠠᠨ ᠳᠠᠬᠢᠨ ᠳᠠᠪᠲᠠᠵᠤ᠂ ᠲᠠᠩᠭᠠᠷᠢᠭᠯᠠᠬᠤ ᠬᠤᠷᠠᠯ ᠤᠨ ᠲᠠᠯᠠᠪᠠᠢ ᠶᠢᠨ ᠠᠭᠤᠷ ᠠᠮᠢᠰᠬᠤᠯ ᠲᠥᠪ ᠶᠡᠬᠡᠮᠰᠦᠭ ᠪᠠᠶᠢᠵᠤ᠂ ᠲᠠᠩᠭᠠᠷᠢᠭᠯᠠᠬᠤ ᠳᠠᠭᠤᠨ ᠬᠦᠩᠭᠢᠨᠡᠮ᠎ᠡ ᠴᠤᠤᠷᠢᠶᠠᠲᠤᠵᠤ᠂ ᠣᠮᠤᠭ ᠲᠡᠭᠦᠯᠳᠡᠷ ᠪᠠᠶᠢᠯ᠎ᠠ᠃
       ᠬᠠᠮᠲᠤ ᠪᠠᠷ ᠬᠤᠪᠢᠰᠬᠠᠯᠲᠤ ᠳᠠᠭᠤᠤ ᠳᠠᠭᠤᠯᠠᠵᠤ᠂ ᠬᠤᠪᠢᠰᠬᠠᠯᠲᠤ ᠭᠧᠨ ᠢ ᠤᠯᠠᠮᠵᠢᠯᠠᠨ᠎ᠠ        ᠠᠵᠢᠯᠯᠠᠭ᠎ᠠ ᠨᠢ ᠡᠩ ᠲᠡᠷᠢᠭᠦᠨ ᠳᠤ ︽ᠡᠪ ᠬᠠᠮᠲᠤ ᠨᠠᠮ ᠪᠠᠶᠢᠬᠤ ᠥᠬᠡᠶ ᠪᠣᠯ ᠰᠢᠨ᠎ᠡ ᠳᠤᠮᠳᠠᠳᠤ ᠤᠯᠤᠰ ᠪᠠᠶᠢᠬᠤ ᠦᠭᠡᠢ︾ ᠭᠡᠬᠦ ᠳᠠᠭᠤᠤ ᠠᠴᠠ ᠡᠬᠢᠯᠡᠪᠡ᠃ ᠣᠷᠭᠢᠯᠤᠮ᠎ᠠ ᠬᠠᠯᠠᠭᠤᠨ ᠰᠡᠳᠬᠢᠯᠭᠡ ᠪᠢᠯᠬᠠᠭᠰᠠᠨ ᠳᠠᠭᠤᠯᠠᠯ᠂ ᠬᠠᠩᠭᠢᠨᠠᠮ᠎ᠠ ᠳᠠᠭᠤᠯᠠᠯ ᠤᠨ ᠳᠤᠮᠳᠠ ᠭᠤᠶᠢᠳᠠ ᠰᠠᠶᠢᠬᠠᠨ ᠲᠣᠭᠯᠠᠯᠲᠠ ᠭᠠᠷᠭᠠᠵᠤ᠂ ᠡᠬᠡ ᠤᠯᠤᠰ ᠲᠠᠭᠠᠨ ᠵᠥᠩᠨᠡᠯ ᠢᠶᠠᠨ ᠭᠦᠢᠴᠡᠳ ᠢᠯᠡᠳᠬᠡᠵᠦ᠂ ᠨᠠᠮ ᠤᠨ ᠡᠨᠡᠷᠢᠯ ᠬᠠᠶᠢᠷ᠎ᠠ ᠶᠢ ᠮᠠᠭᠲᠠᠨ ᠳᠠᠭᠤᠯᠠᠪᠠ᠃ ᠳᠠᠷᠠᠭ᠎ᠠ ᠳᠤᠨᠢ ︽ᠴᠡᠷᠢᠭ ᠠᠷᠠᠳ ᠤᠨ ᠶᠡᠭᠡ ᠦᠢᠯᠡᠳᠪᠦᠷᠢᠯᠡᠯ︾᠂ ︽ᠡᠬᠡ ᠤᠯᠤᠰ ᠢᠶᠠᠨ ᠮᠠᠭᠲᠠᠨ ᠳᠠᠭᠤᠯᠠᠶ᠎ᠠ︾᠂ ︽ᠶᠡᠭᠡ ᠳᠤᠮᠳᠠᠳᠤ ᠤᠯᠤᠰ︾᠂ ︽ᠫᠠᠢ ᠬᠠᠷᠪᠤᠵᠤ ᠪᠤᠴᠠᠵᠤ ᠢᠷᠡᠭᠰᠡᠨ ᠨᠢ︾ ᠵᠡᠷᠭᠡ ᠨᠢᠭᠡ ᠪᠠᠳᠠᠭ ᠪᠠᠳᠠᠭ ᠢᠳᠡᠷᠡᠭᠦᠨ ᠬᠦᠴᠦᠲᠠᠢ᠂ ᠴᠤᠭ ᠪᠠᠳᠠᠷᠠᠩᠭᠤᠶ᠂ ᠰᠡᠳᠬᠢᠯ ᠵᠢᠷᠦᠬᠡ ᠶᠢ ᠳᠣᠭᠳᠣᠯᠤᠭᠤᠯᠤᠮ᠎ᠠ ᠰᠣᠩᠭᠤᠳᠠᠭ ᠳᠠᠭᠤᠤ ᠶᠢ ᠳᠠᠭᠤᠯᠠᠪᠠ ᠃ ᠪᠦᠬᠦ ᠲᠠᠯᠠᠪᠤᠷ ᠤᠨ ᠤᠷᠤᠯᠳᠤᠭᠠᠨ ᠭᠤᠶᠢᠳᠠ ᠰᠠᠶᠢᠬᠠᠨ ᠶᠠᠪᠤᠭᠳᠠᠵᠤ᠂ ᠥᠨᠳᠥᠷ ᠲᠦᠯᠬᠢᠭᠡᠨ ᠲᠠᠰᠤᠷᠠᠯᠲᠠ ᠦᠭᠡᠢ ᠡᠭᠦᠰᠴᠦ᠂ ᠤᠷᠤᠯᠳᠤᠭᠠᠨ ᠳᠤ ᠣᠷᠣᠯᠴᠠᠭᠰᠠᠨ ᠡᠩᠨᠡᠭᠡ ᠰᠡᠳᠬᠢᠯ ᠳᠣᠭᠳᠣᠯᠤᠭᠰᠠᠨ ᠳᠠᠭᠤᠤ ᠪᠠᠷ ᠨᠠᠮ ᠳᠠᠭᠠᠨ ᠬᠢᠵᠠᠭᠠᠯᠠᠰᠢ ᠦᠭᠡᠢ ᠦᠨᠡᠨᠴᠢ ᠰᠢᠳᠤᠷᠭᠤ᠂ ᠡᠬᠡ ᠤᠯᠤᠰ ᠲᠠᠭᠠᠨ ᠬᠢᠵᠠᠭᠠᠯᠠᠰᠢ ᠦᠭᠡᠢ ᠬᠠᠶᠢᠷ᠎ᠠ ᠬᠠᠯᠠᠮᠵᠢ ᠶᠢ ᠳᠠᠮᠵᠢᠭᠤᠯᠪᠠ᠃
       ᠡᠷᠡᠭᠦᠯ ᠮᠡᠨᠳᠦ ᠶᠢ ᠡᠳ᠋ᠯᠡᠵᠦ᠂ ᠤᠷᠲᠤ ᠵᠠᠮ ᠤᠨ ᠠᠶᠠᠨ ᠳᠠᠶᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠶᠠᠪᠠᠭᠠᠨ ᠠᠯᠬᠤᠬᠤ ᠠᠵᠢᠯᠯᠠᠭ᠎ᠠ ᠥᠷᠨᠢᠭᠦᠯᠪᠡ        ᠭᠤᠶᠢᠳᠠ ᠰᠠᠶᠢᠬᠠᠨ ᠤᠯᠠᠭᠠᠨ ᠳᠠᠭᠤᠤ ᠳᠠᠭᠤᠯᠠᠵᠤ ᠳᠠᠭᠤᠰᠤᠭᠰᠠᠨ ᠤ ᠳᠠᠷᠠᠭ᠎ᠠ᠂ ᠤᠳᠠ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠯᠢᠦ ᠬᠠᠢ ᠺᠤᠸᠠᠨ ᠨᠦᠬᠦᠷ ᠤᠨ ᠮᠣᠷᠳᠠᠬᠤ ᠵᠠᠷᠯᠢᠭ ᠢᠶᠠᠷ᠂ ᠪᠦᠬᠦ ᠬᠥᠮᠦᠰ ᠤᠨ ᠤᠷᠮ᠎ᠠ ᠵᠣᠷᠢᠭ ᠪᠠᠳᠠᠷᠠᠩᠭᠤᠢ᠂ ᠡᠷᠡᠭᠦᠯ ᠡᠩᠬᠡ ᠶᠢᠨ ᠵᠠᠮ ᠠᠴᠠ ᠡᠬᠢᠯᠡᠭᠰᠡᠨ ᠪᠠᠶᠢᠨ᠎ᠠ᠃ 1 ᠴᠠᠭ ᠬᠠᠭᠠᠰ ᠤᠨ ᠴᠠᠭ ᠬᠡᠷᠡᠭᠰᠡᠵᠦ᠂ ᠡᠴᠦᠰ ᠲᠡᠭᠡᠨ 5 ᠺᠢᠯᠣᠮᠧᠲᠷ ᠤᠨ ᠭᠠᠳᠠᠨᠠᠬᠢ ᠠᠯᠬᠤᠮ ᠤᠨ ᠵᠠᠮ ᠳᠤ ᠬᠦᠷᠴᠠᠢ᠃ ᠣᠷᠣᠯᠴᠠᠬᠤ ᠵᠠᠮ ᠲᠤᠮᠳᠠ ᠪᠦᠬᠦ ᠬᠥᠮᠦᠰ ︽ᠨᠥᠬᠦᠷᠯᠡᠯ᠂ ᠪᠦᠯᠬᠦᠮᠳᠡᠯ᠂ ᠬᠠᠷᠢᠯᠴᠠᠨ ᠬᠠᠪᠰᠤᠷᠤᠯᠴᠠᠬᠤ︾ ᠵᠣᠷᠢᠭ ᠰᠠᠨᠠᠭ᠎ᠠ ᠶᠢ ᠪᠠᠳᠠᠷᠠᠭᠤᠯᠵᠦ᠂ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠵᠤ᠂ ᠵᠣᠷᠢᠭ ᠰᠠᠨᠠᠭ᠎ᠠ ᠪᠠᠨ ᠳᠠᠪᠲᠠᠨ ᠪᠣᠯᠪᠠᠰᠤᠷᠠᠭᠤᠯᠵᠤ᠂ ᠥᠪᠡᠷ ᠤᠨ ᠪᠡᠶ᠎ᠡ ᠳᠡᠭᠡᠨ ᠥᠷᠢᠰᠥᠯᠳᠦᠭᠡᠨ ᠬᠢᠵᠦ᠂ ᠰᠢᠯᠢᠳᠡᠭ ᠪᠦᠯᠬᠦᠮ ᠤᠨ ᠵᠣᠷᠢᠭ ᠰᠠᠨᠠᠭ᠎ᠠ ᠶᠢ ᠢᠯᠡᠷᠡᠭᠦᠯᠪᠡ᠃ ᠡᠨᠡ ᠤᠳᠠᠭᠠᠨ ᠤ ᠶᠠᠪᠠᠭᠠᠨ ᠠᠵᠢᠯᠯᠠᠭ᠎ᠠ ᠨᠢ ᠪᠦᠬᠦ ᠬᠥᠮᠦᠰ ᠤᠨ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠠᠢ᠃ ᠵᠣᠷᠢᠭ ᠰᠠᠨᠠᠭ᠎ᠠ ᠪᠠᠨ ᠳᠠᠪᠲᠠᠨ ᠪᠣᠯᠪᠠᠰᠤᠷᠠᠭᠤᠯᠵᠤ᠂ ᠪᠡᠶ᠎ᠡ ᠮᠠᠬᠠᠪᠣᠳ ᠢᠶᠠᠨ ᠳᠠᠪᠲᠠᠨ ᠪᠣᠯᠪᠠᠰᠤᠷᠠᠭᠤᠯᠵᠤ᠂ ᠪᠦᠯᠬᠦᠮ ᠤᠨ ᠨᠢᠭᠲᠠᠷᠠᠯ ᠤᠨ ᠬᠦᠴᠦᠨ ᠢᠶᠠᠨ ᠴᠢᠩᠭᠠᠷᠠᠭᠤᠯᠵᠤ᠂ ᠡᠭᠦᠨ ᠤ ᠬᠠᠮᠲᠤ ᠪᠠᠰᠠ ᠤᠯᠠᠭᠠᠨ ᠴᠡᠷᠢᠭ ᠤᠨ ᠤᠷᠳᠤ ᠵᠠᠮ ᠤᠨ ᠠᠶᠠᠨ ᠲᠠᠶᠢᠨ ᠤ ᠳᠤᠮᠳᠠ ᠥᠩᠭᠡᠷᠡᠭᠦᠯᠦᠭᠰᠡᠨ ᠬᠠᠳᠠᠭᠤᠵᠢᠯᠲᠠᠢ ᠥᠩᠭᠡᠷᠡᠯᠲᠡ ᠶᠢ ᠣᠷᠣᠯᠴᠠᠭᠰᠠᠳ ᠲᠤ ᠭᠦᠨᠵᠡᠭᠡᠶ ᠣᠶᠢᠯᠠᠭᠠᠭᠤᠯᠵᠤ᠂ ᠨᠠᠮ ᠤᠨ ᠭᠡᠰᠢᠭᠦᠨ ᠪᠠ ᠺᠠᠳ᠋ᠷ ᠠᠵᠢᠯᠴᠢᠨ ᠤ ᠠᠵᠢᠯ ᠤᠨ ᠢᠳᠡᠪᠬᠢᠵᠢᠯ ᠢ ᠨᠡᠩ ᠬᠥᠭᠵᠢᠭᠡᠵᠡᠶ᠃ ᠲᠡᠰᠪᠦᠷᠢ ᠬᠠᠲᠠᠭᠤᠵᠢᠯᠲᠠᠶ ᠪᠠᠷ ᠲᠡᠮᠡᠴᠡᠬᠦ ᠦᠢᠯᠡᠴᠢᠯᠡᠭᠡᠨ ᠤ ᠤᠬᠠᠮᠰᠠᠷ ᠢᠶᠠᠨ ᠨᠡᠮᠡᠭᠳᠡᠭᠦᠯᠪᠡ᠃
       ᠲᠣᠰ ᠤᠳᠠᠭᠠᠨ ᠤ ᠨᠠᠮ ᠤᠨ ᠪᠠᠶᠢᠭᠤᠯᠤᠯᠲᠠ + ᠠᠵᠢᠯᠴᠢᠨ ᠤ ᠡᠪᠯᠡᠯ ᠤᠨ ᠬᠠᠮᠲᠤ ᠪᠠᠷ ᠪᠠᠶᠢᠭᠤᠯᠬᠤ ᠠᠵᠢᠯᠯᠠᠭ᠎ᠠ ᠪᠣᠯ ᠨᠠᠮ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠢ ᠬᠠᠮᠲᠤ ᠪᠠᠷ ᠳᠡᠭᠡᠭᠰᠢᠯᠡᠭᠦᠯᠬᠦ ᠰᠢᠨ᠎ᠡ ᠶᠢ ᠡᠭᠦᠳᠬᠦ ᠦᠢᠯᠡᠳᠦᠯᠭᠡ ᠮᠥᠨ᠃ ᠲᠤᠰ ᠤᠳᠠᠭᠠᠨ ᠤ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠷᠡᠯ ᠰᠠᠴᠤᠷᠠᠩᠭᠤᠢ ᠲᠡᠤᠬᠡᠨ ᠶᠠᠪᠤᠴᠠ ᠪᠣᠯᠤᠨ ᠠᠭᠤᠤ ᠭᠠᠪᠢᠶ᠎ᠠ ᠠᠤᠭ᠎ᠠ ᠵᠢᠳᠬᠦᠯ ᠢ ᠡᠷᠭᠢᠴᠡᠭᠦᠯᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠤ ᠨᠠᠮ ᠤᠨ ᠢᠷᠠᠭᠤ ᠠᠯᠳᠠᠷᠲᠤ ᠤᠯᠠᠮᠵᠢᠯᠠᠯ ᠪᠣᠯᠤᠨ ᠰᠢᠯᠢᠳᠡᠭ ᠰᠤᠷᠲᠠᠯ ᠢ ᠵᠠᠯᠭᠠᠮᠵᠢᠯᠠᠨ ᠪᠠᠳᠠᠷᠠᠭᠤᠯᠬᠤ ᠶᠢ ᠤᠯᠠᠮ ᠨᠢᠭᠡ ᠠᠯᠬᠤᠮ ᠵᠣᠷᠢᠭᠵᠢᠭᠤᠯᠵᠠᠶ᠃ ᠳᠡᠭᠡᠳᠦ ᠳᠣᠣᠷᠠᠳᠤ ᠨᠢᠭᠡ ᠰᠡᠳᠬᠢᠯ᠂ ᠪᠦᠯᠬᠦᠮᠳᠡᠨ ᠲᠡᠮᠡᠴᠡᠵᠦ᠂ ᠡᠭᠦᠨ ᠤ ᠬᠠᠮᠲᠤ ᠪᠦᠬᠦ ᠨᠠᠮ ᠤᠨ ᠭᠡᠰᠢᠭᠦᠨ ᠤ ᠨᠠᠮ ᠳᠤ ᠣᠷᠣᠬᠤ ᠢᠲᠡᠭᠡᠯ ᠵᠣᠷᠢᠭ ᠪᠣᠯᠤᠨ ᠡᠪ ᠬᠠᠮᠲᠤ ᠶᠣᠰᠣᠨ ᠤ ᠲᠥᠯᠥᠭᠡ ᠲᠡᠮᠡᠴᠡᠬᠦ ᠵᠣᠷᠢᠭ ᠢ ᠪᠠᠲᠤᠳᠬᠠᠵᠤ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠲᠠᠩᠭᠠᠷᠢᠭ ᠤᠨ ᠦᠭᠡ ᠶᠢ ᠢᠳᠡᠪᠬᠢᠲᠡᠶ  ᠦᠢᠯᠡᠳᠦᠯᠭᠡᠵᠢᠭᠦᠯᠵᠠᠢ᠃ ᠨᠠᠩ ᠲᠡᠭᠦᠯᠳᠡᠷ ᠬᠠᠯᠠᠭᠤᠨ ᠰᠡᠳᠬᠢᠯᠭᠡ ᠪᠠᠷ ᠡᠪ ᠬᠠᠮᠲᠤ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠪᠠᠳᠠᠷᠠᠭᠤᠯᠵᠤ᠂ ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃    
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号