ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ ᠪᠡᠶᠡᠯᠡᠭᠦᠯᠵᠦ᠂ | ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠦᠯᠦᠭᠡ᠂ | ᠤᠳᠠ ᠲᠣᠭᠤᠷᠢᠭ《 ᠨᠠᠮ ᠤᠨ ᠪᠠᠶᠢᠭᠤᠯᠤᠯᠲᠠ ᠠᠶᠠᠯᠠᠯ ᠵᠠᠮᠴᠢᠯᠠᠵᠤ ᠦᠢᠯᠡᠴᠢᠯᠡᠭᠡ ᠶᠢ ᠰᠢᠯᠢᠳᠡᠭᠵᠢᠭᠦᠯᠵᠦ᠂ | ᠬᠠᠮᠲᠤᠷᠠᠨ ᠪᠠᠶᠢᠭᠤᠯᠵᠦ ᠬᠦᠭᠵᠢᠯᠲᠡ ᠶᠢ ᠬᠠᠮᠲᠤ ᠪᠠᠷ ᠠᠬᠢᠭᠤᠯᠬᠤ》ᠭᠠᠶᠢᠯᠢ ᠶᠢᠨ ᠶᠠᠪᠤᠳᠠᠯ ᠪᠠ ᠠᠵᠤ | ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠡᠭᠦᠯᠡᠨ ᠳᠠᠪᠴᠠᠩ ᠢ ᠪᠠᠶᠢᠭᠤᠯᠵᠤ᠂ ᠨᠠᠮ ᠤᠨ ᠪᠠᠶᠢᠭᠤᠯᠤᠯᠲᠠ ᠪᠣᠯᠤᠨ | ᠲᠤᠬᠠᠶᠢᠯᠠᠭᠰᠠᠨ ᠠᠵᠢᠯ ᠢ ᠣᠷᠭᠠᠨᠢᠭ ᠢᠶᠠᠷ ᠤᠶᠠᠯᠳᠤᠭᠤᠯᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ | ᠵᠡᠷᠭᠡ ᠪᠠᠷ ᠠᠬᠢᠭᠤᠯᠵᠤ᠂ 《 ᠭᠤᠤᠯ ᠰᠡᠳᠤᠪᠲᠦ ᠨᠠᠮ ᠤᠨ ᠡᠳᠦᠷ》᠂ ᠨᠠᠮ ᠤᠨ ᠶᠠᠪᠤᠳᠠᠯ ᠤᠨ ᠪᠣᠯᠪᠠᠰᠤᠷᠠᠭᠤᠯᠤᠯ᠂ | ᠲᠥᠪᠯᠡᠷᠡᠭᠦᠯᠦᠨ ᠰᠤᠷᠤᠯᠴᠠᠬᠤ᠂ ᠰᠠᠶᠢᠨ ᠳᠤᠷ᠎ᠠ ᠶᠢᠨ ᠦᠢᠯᠡᠴᠢᠯᠡᠭᠡ᠂ ᠬᠢᠵᠢᠭ ᠤᠨ ᠪᠠᠶᠢᠳᠠᠯ ᠢ ᠡᠰᠡᠷᠭᠦᠴᠡᠬᠦ᠂ | ᠭᠠᠶᠢᠯᠢ ᠶᠢᠨ ᠶᠠᠪᠤᠳᠠᠯ ᠤᠨ ᠤᠬᠠᠭᠤᠯᠭ᠎ᠠ ᠵᠡᠷᠭᠡ ᠲᠠᠯ᠎ᠠ ᠪᠠᠷ ᠬᠠᠮᠲᠤᠪᠠᠷ ᠪᠠᠶᠢᠭᠤᠯᠵᠤ ᠬᠠᠮᠲᠤᠪᠠᠷ ᠠᠭᠤᠰᠤᠯᠴᠠᠵᠦ | ᠬᠠᠮᠲᠤᠪᠠᠷ ᠵᠠᠰᠠᠬᠤ ᠲᠠᠪᠴᠠᠩ ᠪᠠᠶᠢᠭᠤᠯᠵᠦ ︽ᠨᠠᠮ ᠤᠨ ᠪᠠᠶᠢᠭᠤᠯᠤᠯᠲᠠ ᠶᠢᠨ ᠬᠦᠴᠦ ᠪᠠᠨ ᠬᠠᠮᠲᠤᠳᠬᠠᠵᠤ᠂ | ᠭᠠᠶᠢᠯᠢ ᠶᠢᠨ ᠶᠠᠪᠤᠳᠠᠯ ᠪᠠ ᠠᠵᠤ ᠠᠬᠤᠶᠢᠯᠠᠯ ᠬᠠᠮᠲᠤ ᠠᠵᠢᠯᠯᠠᠬᠤ︾ ᠭᠤᠤᠯ ᠬᠥᠭ ᠠᠶᠠᠰ ᠢ ᠴᠢᠪᠬᠠᠳᠠᠵᠤ᠂ ᠭᠠᠶᠢᠯᠢ | ᠬᠥᠩᠭᠡᠯᠡᠵᠦ ᠰᠤᠶᠢᠳᠭᠡᠯ ᠪᠠᠭᠤᠷᠠᠭᠤᠯᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ | ᠨᠠᠶᠢᠳᠠᠪᠤᠷᠢᠵᠢᠭᠤᠯᠬᠤ ᠶᠢ ᠪᠦᠲᠦᠮᠵᠢᠲᠡᠶ ᠠᠬᠢᠭᠤᠯᠪᠠ᠃ | ︽ᠭᠠᠶᠢᠯᠢ ᠶᠢᠨ ᠶᠠᠪᠤᠳᠠᠯ ᠪᠠ ᠠᠵᠤ ᠠᠬᠤᠶᠢᠯᠠᠯ ᠤᠨ ᠬᠤᠯᠪᠣᠭᠠᠯᠠᠨ ᠪᠠᠶᠢᠭᠤᠯᠬᠤ + ᠲᠠᠪᠴᠠᠩ︾ ᠨᠢ | ᠬᠥᠭᠵᠢᠯᠲᠡ ᠶᠢᠨ ᠬᠠᠮᠲᠤᠷᠠᠯ ᠬᠦᠴᠦᠨ ᠢ ᠨᠢᠭᠲᠠᠷᠠᠭᠤᠯᠪᠠ᠃ ︽ᠭᠠᠶᠢᠯᠢ ᠶᠢᠨ ᠶᠠᠪᠤᠳᠠᠯ ᠤᠨ ᠲᠠᠪᠴᠠᠩ ᠢ | ᠪᠠᠶᠢᠭᠤᠯᠵᠤ᠂ ᠲᠤᠭᠤᠷᠢᠭ ᠤᠨ ᠨᠠᠮ ᠤᠨ ᠬᠤᠷᠢᠶ᠎ᠠ ᠭᠤᠣᠯᠯᠠᠨ ᠤᠳᠤᠷᠢᠳᠴᠤ᠂ ᠠᠵᠤ ᠠᠬᠤᠶᠢᠯᠠᠯ ᠠᠰᠢᠭ ᠬᠦᠷᠲᠡᠵᠦ | ︾᠂ ︽ᠭᠠᠶᠢᠯᠢ ᠶᠢᠨ ᠶᠠᠪᠤᠳᠠᠯ ᠪᠠ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠪᠢᠴᠢᠯ ᠥᠷᠲᠡᠭᠡ︾ ᠶᠢ | ᠪᠠᠶᠢᠭᠤᠯᠵᠤ᠂ ᠠᠵᠢᠯᠯᠠᠭᠰᠠᠨ ᠠᠴᠠ ᠨᠠᠰᠢ᠂ ᠨᠠᠮ ᠤᠨ ᠪᠠᠶᠢᠭᠤᠯᠤᠯᠲᠠ ᠶᠢᠨ ᠬᠥᠳᠡᠯᠦᠩᠭᠦᠶ ᠪᠠᠶᠢᠳᠠᠯ ᠢ 50 ᠭᠠᠷᠤᠶ | ᠬᠤᠭᠤᠴᠠᠭ᠎ᠠ ᠨᠡᠶᠢᠲᠡᠯᠡᠵᠦ᠂ ᠭᠠᠶᠢᠯᠢ ᠳᠠᠲᠠᠪᠤᠷᠢ ᠶᠢᠨ ᠲᠥᠷᠥ ᠶᠢᠨ ᠪᠣᠳᠣᠯᠭ᠎ᠠ ᠶᠢᠨ ᠬᠠᠪᠰᠤᠷᠤᠨ ᠵᠢᠯᠣᠭᠤᠳᠣᠯᠭ᠎ᠠ᠂ | ᠬᠠᠮᠢᠶ᠎ᠠ ᠪᠥᠬᠦᠶ ᠭᠠᠶᠢᠯᠢ ᠳᠤ ᠬᠤᠯᠪᠤᠭᠳᠠᠬᠤ ᠲᠤᠬᠠᠶᠢᠯᠠᠭᠰᠠᠨ ᠠᠵᠢᠯ ᠤᠨ ᠰᠠᠨᠠᠭᠤᠯᠤᠮᠵᠢ 300 ᠭᠠᠷᠤᠶ ᠵᠦᠢᠯ᠂ | ᠵᠡᠮᠳᠡᠭᠴᠦᠳ ᠤᠨ ᠳᠠᠭᠠᠳᠬᠠᠯ ᠤᠨ ᠲᠦᠷᠦ ᠶᠢᠨ ᠪᠤᠳᠤᠯᠭ᠎ᠠ᠂ ᠮᠥᠩᠭᠦᠨ ᠭᠦᠢᠯᠭᠡᠭᠡᠨ ᠤ ᠦᠢᠯᠡᠴᠢᠯᠡᠭᠡ ᠵᠡᠷᠭᠡ ᠶᠢ | 90 ᠭᠠᠷᠤᠢ ᠤᠳᠠᠭ᠎ᠠ ᠤᠬᠠᠭᠤᠯᠵᠤ᠂ 60 ᠭᠠᠷᠤᠶ ᠬᠥᠮᠦᠨ ᠤᠳᠠᠭ᠎ᠠ ᠠᠰᠠᠭᠤᠯᠲᠠ ᠬᠠᠷᠢᠭᠤᠯᠪᠠ᠃ ᠡᠨᠡ ᠬᠦ | ᠰᠠᠭᠤᠷᠢᠨ ᠳᠡᠭᠡᠷ᠎ᠡ᠂ ︽ᠠ ᠯᠢ ᠳ᠋ᠢᠩ ᠳ᠋ᠢᠩ ᠡᠭᠦᠯᠡᠨ ᠳᠡᠭᠡᠷᠡᠬᠢ ᠨᠠᠮ ᠤᠨ ᠪᠠᠶᠢᠭᠤᠯᠤᠯᠲᠠ︾ ᠳᠤ ᠲᠦᠰᠢᠭᠯᠡᠨ | ᠠᠴᠢᠶᠠᠯᠠᠪᠤᠷᠢ ᠪᠣᠯᠭᠠᠵᠤ᠂ ︽ᠤᠳᠠ ᠲᠣᠭᠤᠷᠢᠭ ᠤᠨ ᠭᠠᠶᠢᠯᠢ ᠶᠢᠨ ᠶᠠᠪᠤᠳᠠᠯ ᠪᠠ ᠠᠵᠤ ᠠᠬᠤᠶᠢᠯᠠᠯ ᠤᠨ ᠨᠠᠮ ᠤᠨ | ᠪᠠᠶᠢᠭᠤᠯᠤᠯᠲᠠ ᠶᠢᠨ ᠡᠭᠦᠯᠡᠨ ᠳᠠᠪᠴᠠᠩ︾ ᠢ ᠪᠠᠶᠢᠭᠤᠯᠵᠤ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢᠶᠠᠷ | ᠲᠦᠰᠢᠭ ᠪᠣᠯᠭᠠᠵᠤ᠂ ᠨᠠᠮ ᠤᠨ ᠪᠠᠶᠢᠭᠤᠯᠤᠯᠲᠠ ᠶᠢ ᠬᠠᠮᠲᠤᠪᠠᠷ ᠪᠠᠶᠢᠭᠤᠯᠬᠤ᠂ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ᠂ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ᠂ | ᠰᠤᠷᠠᠭ ᠵᠠᠩᠭᠢ ᠶᠢᠨ ᠬᠦᠳᠡᠯᠦᠯ᠂ ᠰᠤᠷᠠᠭ ᠵᠠᠩᠭᠢ ᠶᠢ ᠢᠯᠡ ᠪᠣᠯᠭᠠᠬᠤ᠂ ᠰᠤᠷᠠᠭ ᠵᠠᠩᠭᠢ ᠶᠢᠨ ᠬᠠᠷᠢᠭᠤ ᠲᠤᠰᠬᠠᠯ | ᠵᠡᠷᠭᠡ ᠦᠢᠯᠡᠴᠢᠯᠡᠭᠡ ᠬᠠᠩᠭᠠᠵᠦ᠂ ᠭᠠᠶᠢᠯᠢ ᠶᠢᠨ ᠶᠠᠪᠤᠳᠠᠯ ᠪᠠ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ | ᠠᠭᠤᠰᠤᠯᠴᠠᠯ ᠢ ᠪᠡᠶᠡᠯᠡᠭᠦᠯᠵᠦ᠂ ᠨᠡᠪᠲᠡᠷᠡᠯᠴᠡᠨ ᠰᠣᠯᠢᠯᠴᠠᠬᠤ ᠠᠷᠭ᠎ᠠ ᠵᠠᠮ ᠢ ᠥᠷᠭᠡᠳᠬᠡᠵᠦ᠂ ᠨᠠᠮ ᠤᠨ | ᠪᠠᠶᠢᠭᠤᠯᠤᠯᠲᠠ ᠶᠢᠨ ᠠᠵᠢᠯ ᠤᠨ ᠬᠠᠮᠤᠷᠬᠤ ᠬᠡᠪᠴᠢᠶ᠎ᠡ ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ | ᠥᠷᠭᠡᠳᠬᠡᠪᠡ᠃ | ︽ᠭᠠᠶᠢᠯᠢ ᠶᠢᠨ ᠶᠠᠪᠤᠳᠠᠯ ᠪᠠ ᠠᠵᠤ ᠠᠬᠤᠶᠢᠯᠠᠯ ᠬᠤᠯᠪᠣᠭᠠᠯᠠᠨ ᠪᠠᠶᠢᠭᠤᠯᠬᠤ + ᠠᠭᠤᠰᠤᠯᠴᠠᠬᠤ︾᠂ | ᠬᠠᠮᠲᠤ ᠪᠠᠷ ᠪᠠᠶᠢᠭᠤᠯᠬᠤ ᠪᠠᠶᠢᠷᠢᠰᠢᠯ ᠢ ᠴᠢᠩᠭᠠᠳᠬᠠᠨ᠎ᠠ᠃ ᠤᠳᠠ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ | ᠪᠠᠶᠢᠭᠤᠯᠬᠤ ᠬᠡᠯᠲᠡᠰ ᠪᠠ ᠲᠤᠭᠤᠷᠢᠭ ᠤᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠬᠤᠷᠢᠶ᠎ᠠ | ᠲᠦᠷᠦᠭᠦᠯᠡᠨ ᠶᠡᠷᠦᠩᠬᠡᠶ ᠠᠵᠢᠯ ᠢ ᠠᠳᠬᠤᠵᠤ᠂ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠨᠠᠮ ᠤᠨ ᠬᠤᠷᠢᠶ᠎ᠠ | ᠪᠣᠳᠠᠲᠠᠶ ᠬᠠᠷᠢᠭᠤᠴᠠᠵᠤ᠂ ᠡᠳ᠋ ᠤᠨ ᠵᠠᠰᠠᠭ ᠤᠨ ᠲᠣᠪᠴᠢᠶ᠎ᠠ᠂ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ᠂ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠭᠠᠨ ᠤ ᠲᠣᠪᠴᠢᠶ᠎ᠠ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠲᠤᠪᠴᠢᠶ᠎ᠠ ᠵᠡᠷᠭᠡ ᠠᠵᠤ ᠠᠬᠤᠶᠢᠯᠠᠯ ᠤᠨ ᠦᠢᠯᠡᠳᠪᠦᠷᠢᠯᠡᠯ ᠬᠥᠭᠵᠢᠯᠲᠡ ᠲᠠᠢ ᠨᠢᠭᠲᠠ | ᠬᠤᠯᠪᠣᠭ᠎ᠠ ᠲᠠᠢ ᠡᠭᠦᠷᠭᠡ ᠴᠢᠳᠠᠪᠦᠷᠢᠲᠤ ᠰᠠᠯᠠᠭ᠎ᠠ ᠮᠥᠴᠢᠷ ᠬᠠᠮᠵᠢᠯᠴᠠᠨ ᠠᠬᠢᠭᠤᠯᠤᠭᠰᠠᠨ ᠠᠭᠤᠰᠤᠯᠴᠠᠭᠰᠠᠨ ᠨᠠᠮ ᠤᠨ | ᠪᠠᠶᠢᠭᠤᠯᠤᠯᠲᠠ ᠶᠢᠨ ᠬᠡᠪ ᠵᠠᠭᠪᠤᠷ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠪᠡᠶᠡᠯᠡᠭᠦᠯᠵᠡᠶ᠃ ᠦᠢᠯᠡᠴᠢᠯᠡᠭᠡᠨ ᠤ | ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠨᠠᠮ ᠤᠨ ᠵᠣᠬᠢᠶᠠᠨ | ᠪᠠᠶᠢᠭᠤᠯᠤᠯᠲᠠ ᠯᠤᠭ᠎ᠠ ᠰᠡᠳᠬᠢᠯ ᠨᠢᠭᠡᠳᠦᠨ ᠨᠢᠭᠲᠠᠷᠠᠭᠰᠠᠨ᠂ ᠠᠳᠠᠯᠢ ᠵᠠᠮ ᠢᠶᠠᠷ ᠠᠵᠢᠯᠯᠠᠭᠰᠠᠨ᠂ ᠬᠠᠷᠢᠯᠴᠠᠨ | ᠬᠤᠯᠪᠣᠭᠠᠯᠠᠭᠰᠠᠨ ᠨᠠᠮ ᠤᠨ ᠪᠠᠶᠢᠭᠤᠯᠤᠯᠲᠠ ᠶᠢᠨ ︽ᠰᠡᠳᠬᠢᠯ ᠨᠢᠭᠡᠲᠡᠢ ᠲᠣᠭᠤᠷᠢᠭ︾ ᠢ ᠪᠠᠶᠢᠭᠤᠯᠪᠠ᠃ | ᠣᠳᠣᠬᠠᠨ ᠳᠤ ᠨᠢᠭᠡᠨᠲᠡ 16 ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠵᠢᠴᠢ 10 ᠭᠠᠷᠤᠶ ᠵᠠᠰᠠᠭ ᠤᠨ | ᠤᠷᠳᠤᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠣᠷᠣᠯᠴᠠᠵᠤ᠂ ᠨᠠᠮ ᠤᠨ ᠪᠠᠶᠢᠭᠤᠯᠤᠯᠲᠠ ᠵᠢᠴᠢ | ᠬᠥᠭᠵᠢᠯᠲᠡ ᠶᠢᠨ ᠳᠤᠮᠳᠠ ᠬᠡᠷᠡᠭᠰᠡᠬᠦ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠶᠢ ᠨᠡᠶᠢᠲᠡᠯᠡᠭᠰᠡᠨ᠂ ᠠᠵᠤ | ᠠᠬᠤᠶᠢᠯᠠᠯ ᠤᠨ ᠮᠡᠳᠡᠭᠡ ᠵᠠᠩᠭᠢ 50 ᠰᠢᠬᠠᠮ ᠵᠤᠷᠪᠤᠰ ᠰᠤᠷᠠᠭ ᠵᠠᠩᠭᠢ ᠶᠢ ᠨᠡᠶᠢᠳᠡᠯᠡᠵᠤ᠂ ᠡᠯ᠎ᠡ ᠵᠦᠢᠯ ᠤᠨ ᠡᠬᠢ | ᠪᠠᠶᠠᠯᠢᠭ ᠢ ᠪᠦᠲᠦᠮᠵᠢᠲᠡᠶ ᠨᠢᠭᠡᠳᠬᠡᠵᠦ᠂ ᠬᠤᠤᠰ ᠴᠢᠭᠯᠡᠯ ᠢᠶᠠᠷ ᠨᠡᠶᠢᠯᠡᠭᠦᠯᠵᠠᠢ᠃ ᠳᠠᠪᠠᠭᠤᠯᠢᠭ ᠲᠠᠯ᠎ᠠ ᠪᠠᠷ ᠢᠶᠠᠨ | ᠬᠠᠷᠢᠯᠴᠠᠨ ᠨᠥᠬᠦᠪᠥᠷᠢᠯᠡᠵᠦ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ | ᠠᠬᠢᠭᠤᠯᠪᠠ᠃ | ︽ᠭᠠᠶᠢᠯᠢ ᠶᠢᠨ ᠶᠠᠪᠤᠳᠠᠯ ᠪᠠ ᠠᠵᠤ ᠠᠬᠤᠶᠢᠯᠠᠯ ᠤᠨ ᠬᠤᠯᠪᠣᠭᠠᠯᠠᠨ ᠪᠠᠶᠢᠭᠤᠯᠬᠤ + ᠬᠥᠲᠥᠯᠦᠨ | ᠳᠠᠭᠠᠭᠤᠯᠬᠤ︾ ᠥᠪᠡᠷᠮᠢᠴᠡ ᠴᠢᠨᠠᠷᠲᠠᠢ ᠦᠢᠯᠡᠴᠢᠯᠡᠭᠡ ᠬᠠᠩᠭᠠᠨ᠎ᠠ᠃ ᠨᠠᠮ ᠤᠨ ᠪᠠᠶᠢᠭᠤᠯᠤᠯᠲᠠ ᠶᠢᠨ | ᠦᠢᠯᠡᠴᠢᠯᠡᠭᠡᠨ ᠤ ᠰᠢᠨ᠎ᠡ ᠵᠠᠭᠪᠤᠷ ᠢ ᠢᠳᠡᠪᠬᠢᠲᠡᠶ ᠰᠦᠪᠡᠭᠴᠢᠯᠡᠵᠦ᠂ ᠠᠵᠤ ᠠᠬᠤᠶᠢᠯᠠᠯ ᠬᠦᠴᠢᠷᠲᠡᠶ᠂ ᠭᠠᠶᠢᠯᠢ ᠶᠢᠨ | ᠶᠠᠪᠤᠳᠠᠯ ᠤᠨ ᠠᠷᠭ᠎ᠠ ᠠᠪᠴᠠᠯ ᠢ ᠪᠡᠶᠡᠯᠡᠭᠦᠯᠵᠡᠶ᠃ ︽ᠤᠳᠠ ᠲᠣᠭᠤᠷᠢᠭ ᠤᠨ ᠭᠠᠶᠢᠯᠢ ᠶᠢᠨ ᠶᠠᠪᠤᠳᠠᠯ ᠪᠠ ᠠᠵᠤ | ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠡᠭᠦᠯᠡᠨ ᠲᠠᠪᠴᠠᠩ︾ ᠳᠤ ︽ᠨᠠᠮ ᠤᠨ ᠪᠠᠶᠢᠭᠤᠯᠤᠯᠲᠠ ᠶᠢᠨ e | ᠡᠷᠦᠬᠡ︾ ᠶᠢᠨ ᠬᠡᠰᠡᠭ ᠭᠠᠷᠭᠠᠵᠤ᠂ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ᠂ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ᠂ ᠮᠥᠩᠭᠦᠨ ᠭᠦᠢᠯᠭᠡᠭᠡᠨ ᠤ ᠳᠡᠮᠵᠢᠯᠭᠡ᠂ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ᠂ ᠨᠡᠪᠲᠡᠷᠡᠯᠴᠡᠨ | ᠵᠣᠬᠢᠴᠠᠭᠤᠯᠬᠤ ᠵᠡᠷᠭᠡ ᠲᠠᠯ᠎ᠠ ᠪᠠᠷ ᠲᠠᠪᠤᠨ ᠰᠠᠯᠠᠭ᠎ᠠ ᠦᠢᠯᠡᠴᠢᠯᠡᠭᠡᠨ ᠤ ᠪᠦᠯᠬᠦᠮ ᠢ ᠵᠡᠷᠭᠡᠪᠡᠷ ᠪᠠᠶᠢᠭᠤᠯᠵᠤ᠂ ᠠᠵᠤ | ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠭᠦᠨᠵᠡᠭᠡᠶ ᠣᠶᠢᠯᠠᠭᠠᠵᠤ᠂ ᠲᠤᠰᠬᠠᠶ ᠬᠠᠪᠰᠤᠷᠤᠨ ᠵᠢᠯᠣᠭᠤᠳᠬᠤ ᠠᠵᠢᠯ | ᠥᠷᠨᠢᠭᠦᠯᠵᠦ᠂ 752 ᠤᠳᠠᠭ᠎ᠠ ᠤᠲᠠᠰᠤ ᠪᠠᠷ ᠠᠰᠠᠭᠤᠨ ᠯᠠᠪᠯᠠᠵᠤ᠂ 20 ᠭᠠᠷᠤᠶ ᠠᠵᠤ ᠠᠬᠤᠶᠢᠯᠠᠯ ᠢ ᠲᠤᠬᠠᠶ ᠶᠢᠨ | ᠭᠠᠵᠠᠷ ᠲᠤᠨᠢ ᠰᠤᠷᠪᠤᠯᠵᠢᠯᠠᠵᠤ᠂ ︽ᠪᠠᠩᠬᠢ ᠭᠠᠶᠢᠯᠢ ᠬᠠᠷᠢᠯᠴᠠᠨ ᠬᠥᠳᠡᠯᠦᠯᠴᠡᠬᠦ︾ ᠪᠠᠷ ᠳᠠᠮᠵᠢᠨ ᠳᠥᠷᠪᠡᠨ ᠡᠷᠦᠬᠡ | ᠠᠵᠤ ᠠᠬᠤᠶᠢᠯᠠᠯ ᠤᠨ ᠵᠢᠭᠡᠯᠡᠯᠭᠡ ᠶᠢᠨ ᠶᠡᠷᠦᠩᠬᠡᠶ ᠲᠤᠭ᠎ᠠ 407.7 ᠲᠦᠮᠡᠨ ᠲᠥᠭᠦᠷᠢᠭ ᠲᠤ ᠬᠦᠷᠴᠦ᠂ | ᠰᠦᠯᠵᠢᠶᠡᠨ ᠳᠡᠭᠡᠷᠡᠬᠢ ᠬᠦᠴᠢᠷᠳᠡᠯ ᠢ ᠠᠷᠭᠠᠯᠠᠬᠤ ᠬᠥᠭᠵᠢᠯᠲᠡ ᠪᠣᠯᠤᠨ ᠰᠦᠯᠵᠢᠶᠡᠨ ᠭᠠᠳᠠᠨᠠᠬᠢ ᠦᠢᠯᠡᠴᠢᠯᠡᠭᠡᠨ ᠤ | ᠵᠢᠯᠣᠭᠤᠳᠣᠯᠭ᠎ᠠ ᠶᠢ ᠤᠶᠠᠯᠳᠤᠭᠤᠯᠪᠠ᠃ ᠨᠠᠮ ᠤᠨ ᠪᠠᠶᠢᠭᠤᠯᠤᠯᠲᠠ ᠳᠤ ᠲᠦᠰᠢᠭᠯᠡᠨ ᠠᠷᠠᠳ ᠲᠤ ᠳᠥᠭᠦᠮ ᠦᠵᠡᠭᠦᠯᠬᠦ | ᠦᠢᠯᠡᠴᠢᠯᠡᠭᠡ ᠶᠢ ᠳᠡᠭᠡᠭᠰᠢᠯᠡᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ | ᠰᠠᠶᠢᠬᠠᠨ ᠣᠷᠴᠢᠨ ᠢ ᠪᠣᠶ ᠪᠣᠯᠭᠠᠵᠤ᠂ ᠨᠡᠩ ᠣᠯᠠᠨ ᠠᠷᠭ᠎ᠠ ᠬᠡᠮᠵᠢᠶ᠎ᠡ ᠠᠪᠴᠤ᠂ ᠠᠵᠤ ᠠᠬᠤᠶᠢᠯᠠᠯ ᠢ ᠬᠠᠪᠰᠤᠷᠤᠨ | ᠨᠡᠩ ᠶᠡᠭᠡ ᠬᠥᠭᠵᠢᠯᠲᠡ ᠲᠠᠢ ᠪᠣᠯᠭᠠᠵᠤ᠂ ᠦᠨᠳᠦᠰᠦᠲᠡᠨ ᠤ ᠠᠵᠤ ᠠᠬᠤᠶ ᠶᠢ ᠭᠦᠭᠵᠢᠭᠦᠯᠦᠨ᠂ ᠠᠵᠤ ᠦᠢᠯᠡᠰ ᠢᠶᠠᠷ | ᠤᠯᠤᠰ ᠲᠠᠭᠠᠨ ᠵᠢᠳᠬᠦᠬᠦ ᠶᠢ ᠪᠡᠶᠡᠯᠡᠭᠦᠯᠪᠡ᠃ | |