ᠤᠳᠠ ᠲᠣᠭᠤᠷᠢᠭ ᠤᠨ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠤᠷᠤᠯᠴᠠᠯᠭ᠎ᠠ ᠵᠢᠴᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-07-07
       2020 ᠣᠨ ᠤ 7 ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠤᠳᠠ ᠲᠣᠭᠤᠷᠢᠭ ᠤᠨ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠡᠷᠦᠩᠬᠡᠶ ᠱᠦᠵᠢ ᠰᠢ ᠶᠢᠨ ᠫᠢᠩ ᠤᠨ ᠭᠦᠶ᠋ᠶᠠᠩ ᠳᠤ ᠡᠷᠬᠢᠯᠡᠨ ᠬᠤᠷᠠᠯᠳᠤᠭᠰᠠᠨ ᠲᠥᠪᠯᠡᠷᠡᠨ ᠵᠠᠯᠭᠠᠯᠳᠤᠭᠰᠠᠨ ᠣᠨᠴᠠ ᠬᠦᠴᠢᠷᠳᠡᠯᠲᠠᠢ ᠭᠠᠵᠠᠷ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ ᠶᠢ ᠤᠯᠠᠮᠵᠢᠯᠠᠨ ᠰᠤᠷᠤᠯᠴᠠᠪᠠ᠃
     
       ᠬᠤᠷᠠᠯ ᠠᠴᠠ᠂ ᠶᠠᠳᠠᠭᠤ ᠠᠴᠠ ᠠᠩᠭᠢᠵᠢᠷᠠᠭᠤᠯᠬᠤ ᠪᠣᠯ ᠡᠴᠦᠰ ᠤᠨ ᠴᠡᠭ ᠪᠢᠰᠢ᠂ ᠬᠠᠷᠢᠨ ᠰᠢᠨ᠎ᠡ ᠠᠮᠢᠳᠤᠷᠠᠯ᠂ ᠰᠢᠨ᠎ᠡ ᠲᠡᠮᠡᠴᠡᠯ ᠤᠨ ᠡᠬᠢᠯᠡᠯᠲᠡ ᠮᠥᠨ᠃ ᠠᠵᠢᠯᠲᠠᠳ ︽ᠳᠥᠷᠪᠡᠨ ᠤᠬᠠᠮᠰᠠᠷ︾ ᠢ ᠪᠠᠲᠤ ᠪᠤᠢ ᠪᠣᠯᠭᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠤᠷᠲᠤ ᠬᠤᠭᠤᠴᠠᠭᠠᠨ ᠤ ᠪᠥᠲᠥᠮᠵᠢᠲᠠᠢ ᠲᠣᠭᠲᠠᠴᠠ ᠶᠢ ᠪᠤᠢ ᠪᠣᠯᠭᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃        ᠬᠤᠷᠠᠯ ᠠᠴᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠶᠠᠳᠠᠭᠤ ᠶᠢ  ᠳᠡᠳᠭᠦᠭᠦ ᠡᠷᠴᠢᠮ ᠢ ᠴᠢᠩᠭᠠᠳᠬᠠᠬᠤ ᠲᠤᠬᠠᠶ ᠪᠠᠶᠢᠷᠢᠯᠠᠭᠤᠯᠤᠯᠲᠠ ᠬᠢᠵᠡᠶ᠃ ᠭᠦᠸᠧ ᠬᠤᠢ ᠶᠢᠩ ᠵᠡᠷᠭᠡ 6 ᠬᠥᠮᠦᠨ ᠨᠢᠭᠡᠨᠲᠡ ᠣᠯᠭᠤᠮᠵᠢ ᠠᠪᠬᠤ ᠨᠠᠰᠤᠨ ᠳᠤ ᠬᠦᠷᠦᠭᠰᠡᠨ ᠪᠣᠯᠪᠠᠴᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠳᠤ ᠣᠷᠣᠯᠴᠠᠭ᠎ᠠ ᠥᠬᠡᠶ ᠶᠠᠳᠠᠭᠤ ᠬᠦᠴᠢᠷᠳᠡᠯᠲᠡᠶ ᠬᠥᠮᠦᠰ ᠢ ᠳᠠᠬᠢᠨ ᠡᠷᠦᠬᠡ ᠳᠤ ᠣᠷᠣᠭᠤᠯᠵᠤ᠂ ᠳᠠᠬᠢᠨ ᠳᠠᠶᠢᠴᠢᠯᠠᠵᠤ᠂ ᠳᠠᠭᠠᠳᠬᠠᠯ ᠳᠤ ᠣᠷᠣᠯᠴᠠᠬᠤ ᠬᠦᠰᠡᠯ ᠡᠷᠡᠮᠡᠯᠵᠡᠯ ᠲᠠᠢ ᠪᠣᠯ ᠲᠤᠬᠠᠶ ᠶᠢᠨ ᠲᠠᠯᠠᠪᠤᠷ ᠲᠤ ᠳᠠᠭᠠᠳᠬᠠᠯ ᠳᠤ ᠣᠷᠣᠯᠴᠠᠬᠤ ᠭᠠᠷᠳᠠᠮ ᠢ ᠭᠦᠢᠴᠡᠳᠭᠡᠵᠦ ᠪᠣᠯᠤᠨ᠎ᠠ᠃    
 
ᠢᠷᠡᠯᠲᠡ᠄ ᠤᠳᠠ ᠲᠤᠭᠤᠷᠢᠭ ᠤᠨ ᠠᠷᠡᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号