ᠴᠠᠩ ᠢᠦᠶ ᠭᠠᠩ
ᠨᠡᠶᠢᠲᠡᠯᠡᠭᠰᠡᠨ ᠴᠠᠭ᠄
2020-08-10
ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠳᠤᠷᠢᠳᠤᠯᠭ᠎ᠠ ᠶᠢᠨ ᠲᠠᠨᠢᠯᠴᠠᠭᠤᠯᠭ᠎ᠠ᠄        ᠴᠠᠩ ᠢᠦᠶ ᠭᠠᠩ᠂ ᠡᠷᠡᠭᠲᠡᠶ᠂ ᠬᠢᠲᠠᠳ ᠦᠨᠳᠦᠰᠦᠲᠡᠨ᠂ 1965 ᠣᠨ ᠳᠤ ᠲᠦᠷᠦᠵᠠᠢ᠂ ᠥᠪᠥᠷ ᠮᠣᠩᠭᠤᠯ ᠤᠨ ᠬᠠᠩᠭᠢᠨ ᠬᠤᠶᠢᠲᠤ ᠬᠤᠰᠢᠭᠤᠨ ᠤ ᠬᠥᠮᠦᠨ᠃ ᠥᠪᠥᠷ ᠮᠣᠩᠭᠤᠯ ᠤᠨ ᠦᠬᠠᠶ ᠬᠤᠲᠠ ᠶᠢᠨ ᠤᠳᠠ ᠲᠣᠭᠤᠷᠢᠭ ᠲᠤ ᠲᠥᠷᠥᠵᠦ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠠᠵᠢᠯ ᠤᠨ ᠪᠠᠶᠢᠷᠢ ᠶᠢᠨ ᠠᠰᠫᠢᠷᠠᠨᠲ ᠶᠢᠨ ᠰᠣᠷᠣᠯᠭ᠎ᠠ ᠶᠢᠨ ᠨᠠᠮᠲᠠᠷ ᠲᠠᠢ᠂ 1993 ᠣᠨ ᠤ 10 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ 1985 ᠣᠨ ᠤ 8 ᠰᠠᠷ᠎ᠠ ᠳᠤ ᠠᠵᠢᠯ ᠳᠤ ᠤᠷᠤᠯᠴᠠᠪᠠ᠃ ᠠᠵᠢᠯ ᠤᠨ ᠲᠣᠪᠴᠢ ᠨᠠᠮᠲᠠᠷ᠄        1985.08 — 1989.05 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠳᠠ ᠶᠢᠨ ᠤᠳᠠ ᠲᠣᠭᠤᠷᠢᠭ ᠤᠨ ᠲᠠᠷᠢᠶᠠᠯᠠᠩ ᠮᠠᠯ ᠠᠵᠦ ᠠᠬᠤᠢ ᠤᠢ ᠰᠢᠭᠤᠢ ᠶᠢᠨ ᠲᠤᠪᠴᠢᠶᠠᠨ ᠤ ᠮᠡᠷᠭᠡᠵᠢᠯᠲᠡᠨ        1989.05 — 1997.04 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠳᠠ ᠶᠢᠨ ᠤᠳᠠ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠭᠡᠰᠢᠭᠦᠴᠢ ︵ᠡᠨᠡ ᠬᠤᠭᠤᠴᠠᠭᠠᠨ ᠳᠤ᠄ 1993.06 — 1996.07 ᠲᠥᠪ ᠤᠨ ᠡᠳ᠋ ᠤᠨ ᠵᠠᠰᠠᠭ ᠮᠥᠩᠭᠦᠨ ᠭᠦᠢᠯᠭᠡᠭᠡᠨ ᠤ ᠳᠡᠭᠡᠳᠦ ᠰᠤᠷᠭᠠᠭᠤᠯᠢ ᠶᠢᠨ ᠡᠳ᠋ ᠤᠨ ᠶᠠᠪᠤᠳᠠᠯ ᠭᠠᠶᠢᠯᠢ ᠲᠠᠲᠠᠪᠤᠷᠢ ᠶᠢᠨ ᠲᠤᠰᠬᠠᠢ ᠮᠡᠷᠭᠡᠵᠢᠯ ᠳᠤ ᠰᠤᠷᠤᠯᠴᠠᠪᠠ︶        1997.04 — 1999.04 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠳᠠ ᠶᠢᠨ ᠤᠳᠠ ᠲᠣᠭᠤᠷᠢᠭ ᠤᠨ ᠨᠠᠮ ᠤᠨ ᠬᠤᠷᠢᠶᠠᠨ ᠤ ᠬᠢᠨᠠᠨ ᠰᠢᠯᠭᠠᠬᠤ ᠠᠯᠪᠠᠨ ᠭᠡᠷ ᠤᠨ ᠠᠵᠢᠯᠯᠠᠭᠴᠢ        1999.04 — 2001.05 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠲᠠ ᠶᠢᠨ ᠤᠳᠠ ᠲᠣᠭᠤᠷᠢᠭ ᠤᠨ ᠨᠠᠮ ᠤᠨ ᠬᠤᠷᠢᠶᠠᠨ ᠤ ᠬᠢᠨᠠᠨ ᠰᠢᠯᠭᠠᠬᠤ ᠠᠯᠪᠠᠨ ᠭᠡᠷ ᠤᠨ ᠳᠡᠳ᠋ ᠡᠷᠬᠢᠯᠡᠭᠴᠢ        2001.05 — 2004.03 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠲᠠ ᠶᠢᠨ ᠤᠳᠠ ᠲᠣᠭᠤᠷᠢᠭ ᠤᠨ ᠤᠯᠠᠭᠠᠨ ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠩ ᠤᠨ ᠳᠠᠷᠤᠭ᠎ᠠ ︵ᠡᠨᠡ ᠬᠤᠭᠤᠴᠠᠭᠠᠨ ᠳᠤ᠄ 2001.08-2003.12 ᠲᠥᠪ ᠤᠨ ᠨᠠᠮ ᠤᠨ ᠰᠤᠷᠭᠠᠭᠤᠯᠢ ᠶᠢᠨ ᠵᠠᠬᠢᠳᠠᠯ ᠢᠶᠠᠷ ᠰᠤᠷᠤᠯᠴᠠᠬᠤ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠶᠢᠨ ᠠᠵᠤ ᠠᠬᠤᠢ ᠶᠢᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠳᠤ ᠰᠤᠷᠤᠯᠴᠠᠪᠠ︶        2004.03 — 2010.07 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠳᠠ ᠶᠢᠨ ᠤᠳᠠ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠤᠢ ᠰᠢᠭᠤᠢ ᠶᠢᠨ ᠲᠤᠪᠴᠢᠶ᠎ᠠ ᠶᠢᠨ ᠨᠠᠮ ᠤᠨ ᠶᠡᠷᠦᠩᠬᠡᠢ ᠡᠭᠦᠷ ᠤᠨ ᠱᠦᠵᠢ᠂ ᠲᠣᠪᠴᠢᠶᠠᠨ ᠳᠠᠷᠤᠭ᠎ᠠ ︵ᠡᠨᠡ ᠬᠤᠭᠤᠴᠠᠭᠠᠨ ᠳᠤ᠄ 2004.08 — 2007.01 ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠠᠩᠬᠢ ᠶᠢᠨ ᠠᠵᠤ ᠠᠬᠤᠢ ᠶᠢᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠳᠤ ᠰᠤᠷᠤᠯᠴᠠᠪᠠ︶        2010.07 — 2013.08 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠳᠠ ᠶᠢᠨ ᠤᠳᠠ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠲᠤᠪᠴᠢᠶᠠᠨ ᠳᠠᠷᠤᠭ᠎ᠠ        2013.08 — 2017.10 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠲᠠ ᠶᠢᠨ ᠤᠳᠠ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ︵ᠡᠨᠡ ᠬᠤᠭᠤᠴᠠᠭᠠᠨ ᠳᠤ᠄ 2015.07 — 2015.09 ᠰᠠᠷ᠎ᠠ ᠳᠤ ᠰᠧᠴᠤᠸᠠᠨ ᠮᠤᠵᠢ ᠶᠢᠨ ᠨᠸᠡᠢ ᠵᠢᠶᠠᠩ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠢᠨ ᠲᠤᠰᠠᠯᠠᠭᠴᠢ ᠶᠢᠨ ᠲᠦᠷ ᠲᠤᠰᠢᠶᠠᠯ ᠡᠭᠦᠷᠭᠡᠯᠡᠪᠡ︶        2017.10 — ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠶᠢᠨ ᠤᠳᠠ ᠲᠣᠭᠤᠷᠢᠭ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠠᠵᠢᠯ ᠤᠨ ᠡᠭᠦᠷᠭᠡ ᠬᠠᠷᠢᠭᠤᠴᠠᠯᠭ᠎ᠠ᠄        ᠴᠠᠩ ᠢᠦᠶ ᠭᠠᠩ ᠨᠥᠬᠦᠷ ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠦᠬᠦ ᠲᠠᠯ᠎ᠠ ᠶᠢᠨ ᠠᠵᠢᠯ ᠢ ᠡᠷᠬᠢᠯᠡᠨ᠂ ᠦᠵᠡᠯ ᠰᠠᠨᠠᠭ᠎ᠠ ᠰᠣᠶᠣᠯ᠂ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠤᠬᠠᠭᠤᠯᠭ᠎ᠠ ᠵᠡᠷᠭᠡ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠠᠵᠢᠯ ᠢ ᠬᠠᠷᠢᠭᠤᠴᠠᠨ᠎ᠠ︔ ᠲᠤᠭᠤᠷᠢᠭ ᠤᠨ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠠᠯᠪᠠᠨ ᠭᠡᠷ᠂ ᠰᠦᠯᠵᠢᠶᠡᠨ ᠤ ᠮᠡᠳᠡᠭᠡ ᠵᠠᠩᠭᠢ ᠶᠢᠨ ᠲᠥᠪ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠵᠢᠯᠣᠭᠤᠳᠬᠤ ᠲᠥᠪ᠂ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠬᠤᠲᠠ ᠡᠭᠦᠳᠬᠦ ᠠᠯᠪᠠᠨ ᠭᠡᠷ᠂ ᠬᠠᠮ ᠵᠠᠭᠤᠴᠢᠯᠠᠭᠤᠷ ᠤᠨ ᠲᠥᠪ ᠢ ᠬᠤᠪᠢᠳᠠᠨ ᠬᠠᠮᠢᠶᠠᠷᠴᠤ︔ ᠦᠬᠠᠶ ᠬᠤᠲᠠ ᠶᠢᠨ ᠷᠠᠳᠢᠣ᠋ ᠲᠧᠯᠸᠢᠰ ᠤᠨ ᠲᠣᠪᠴᠢᠶ᠎ᠠ ᠶᠢᠨ ᠤᠳᠠ ᠠᠵᠢᠯᠯᠠᠬᠤ ᠥᠷᠲᠡᠭᠡ᠂ ᠥᠪᠥᠷ ᠮᠣᠩᠭᠤᠯ ᠤᠨ ᠷᠠᠳᠢᠣ᠋ ᠲᠧᠯᠸᠢᠰ ᠤᠨ ᠰᠦᠯᠵᠢᠶᠡᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠤᠳᠠ ᠬᠤᠪᠢᠶᠠᠷᠢ ᠺᠣᠮᠫᠠᠨᠢ ᠲᠠᠢ ᠬᠠᠷᠢᠯᠴᠠᠨ᠎ᠠ᠃    
 
ᠢᠷᠡᠯᠲᠡ᠄ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号