ᠾᠧ ᠸᠧᠶ
ᠨᠡᠶᠢᠲᠡᠯᠡᠭᠰᠡᠨ ᠴᠠᠭ᠄
2020-08-11
ᠳᠡᠳ᠋ ᠲᠣᠭᠤᠷᠢᠭ ᠤᠨ ᠳᠠᠷᠤᠭ᠎ᠠᠤᠳᠤᠷᠢᠳᠤᠯᠭ᠎ᠠ ᠶᠢᠨ ᠲᠠᠨᠢᠯᠴᠠᠭᠤᠯᠭ᠎ᠠ᠄        ᠾᠧ ᠸᠧᠶ᠂ ᠡᠷᠡᠭᠲᠡᠶ᠂ ᠬᠢᠲᠠᠳ ᠦᠨᠳᠦᠰᠦᠲᠡᠨ᠂ 1973 ᠣᠨ ᠳᠤ ᠲᠥᠷᠥᠵᠡᠢ᠃ ᠱᠠᠨ ᠰᠢ ᠶᠢᠨ ᠾᠧ ᠴᠢᠦᠶ ᠳᠤ ᠨᠡᠪᠲᠡᠷᠡᠵᠦ᠂ ᠣᠯᠠᠨ ᠨᠡᠶᠢᠲᠡ ᠶᠢᠨ ᠬᠠᠮᠢᠶᠠᠷᠤᠯᠲᠠ ᠶᠢᠨ ᠮᠠᠰᠲ᠋ᠧᠷ ᠤᠨ ᠰᠤᠷᠤᠯᠭ᠎ᠠ ᠶᠢᠨ ᠨᠠᠮᠲᠠᠷ ᠲᠠᠢ ᠂ 1996 ᠣᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ 1992 ᠣᠨ ᠤ 8 ᠰᠠᠷ᠎ᠠ ᠳᠤ ᠠᠵᠢᠯ ᠳᠤ ᠤᠷᠤᠯᠴᠠᠪᠠ᠃ᠠᠵᠢᠯ ᠤᠨ ᠲᠣᠪᠴᠢ ᠨᠠᠮᠲᠠᠷ᠄        1992.08 — 1995.02 ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠬᠠᠶᠢᠷᠤᠪ ᠤᠨ ᠲᠤᠬᠤᠢ ᠲᠣᠭᠤᠷᠢᠭ ᠤᠨ ᠬᠤᠪᠢᠶᠠᠷᠢ ᠲᠣᠪᠴᠢᠶᠠᠨ ᠤ ᠰᠢᠨᠬᠤᠸᠠ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ        1995.02 — 1995.09 ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ  ᠲᠤᠪᠴᠢᠶᠠᠨ ᠤ ᠬᠠᠶᠢᠷᠤᠪ ᠤᠨ ᠲᠤᠬᠤᠢ ᠲᠣᠭᠤᠷᠢᠭ ᠤᠨ ᠬᠤᠪᠢᠶᠠᠷᠢ ᠲᠣᠪᠴᠢᠶᠠᠨ ᠤ ᠡᠷᠡᠭᠦᠦ ᠶᠢᠨ ᠴᠠᠭᠳᠠᠭ᠎ᠠ ᠶᠢᠨ ᠠᠩᠬᠢ ᠶᠢᠨ ᠠᠷᠠᠳ ᠤᠨ ᠴᠠᠭᠳᠠᠭ᠎ᠠ        1995.09 — 2003.12 ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠯᠪᠠᠨ ᠭᠡᠷ ᠤᠨ ᠠᠷᠠᠳ ᠤᠨ ᠴᠠᠭᠳᠠᠭ᠎ᠠ        2003.12 — 2004.03 ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠯᠪᠠᠨ ᠭᠡᠷ ᠤᠨ ᠳᠡᠳ᠋ ᠡᠷᠬᠢᠯᠡᠭᠴᠢ        2004.03 — 2009.03 ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠤᠯᠤᠰ ᠲᠦᠷᠦ ᠶᠢᠨ ᠬᠡᠯᠲᠡᠰ ᠤᠨ ᠳᠡᠳ᠋ ᠡᠷᠬᠢᠯᠡᠭᠴᠢ        2009.03 — 2015.05 ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠯᠪᠠᠨ ᠭᠡᠷ ᠤᠨ ᠡᠷᠬᠢᠯᠡᠭᠴᠢ        2015.05 — 2017.11 ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠤᠳᠠ ᠬᠤᠪᠢᠶᠠᠷᠢ ᠲᠤᠪᠴᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠶᠢᠨ ᠭᠡᠰᠢᠭᠦᠨ        2017.11 — ᠦᠬᠠᠢ ᠬᠤᠲᠠ ᠶᠢᠨ ᠤᠳᠠ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠᠠᠵᠢᠯ ᠤᠨ ᠡᠭᠦᠷᠭᠡ ᠬᠠᠷᠢᠭᠤᠴᠠᠯᠭ᠎ᠠ᠄        ᠳᠡᠳ᠋ ᠲᠣᠭᠤᠷᠢᠭ ᠤᠨ ᠳᠠᠷᠤᠭ᠎ᠠ ᠾᠧ ᠸᠧᠶ ᠲᠣᠭᠤᠷᠢᠭ ᠤᠨ ᠳᠠᠷᠤᠭ᠎ᠠ ᠶᠢ ᠬᠠᠮᠵᠢᠨ ᠳᠣᠲᠣᠭᠠᠳᠤ ᠶᠢ ᠬᠠᠮᠠᠭᠠᠯᠠᠬᠤ᠂ ᠦᠨᠳᠦᠰᠦᠲᠡᠨ ᠤ ᠬᠡᠷᠡᠭ ᠶᠠᠪᠤᠳᠠᠯ᠂ ᠬᠠᠤᠯᠢ ᠴᠠᠭᠠᠵᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ᠂ ᠵᠠᠬᠢᠳᠠᠯ ᠰᠤᠷᠪᠤᠯᠵᠢᠯᠠᠭ᠎ᠠ᠂ ᠮᠥᠩᠭᠦᠨ ᠭᠦᠢᠯᠭᠡᠭᠡ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠤ᠂  ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ︵ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ︶᠂ ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠂ ᠲᠣᠭᠤᠷᠢᠭ ᠤᠨ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ᠂ ᠲᠣᠭᠤᠷᠢᠭ ᠤᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠢ ᠬᠤᠪᠢᠳᠠᠨ ᠬᠠᠮᠢᠶᠠᠷᠤᠨ᠎ᠠ᠃        ᠲᠤᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ᠂ ᠲᠣᠭᠤᠷᠢᠭ ᠤᠨ ᠭᠠᠯ ᠤᠨᠲᠠᠷᠠᠭᠠᠬᠤ ᠶᠡᠭᠡ ᠠᠩᠭᠢ᠂ ᠤᠳᠠ ᠶᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠂ ᠮᠥᠩᠭᠦᠨ ᠭᠦᠢᠯᠭᠡᠭᠡ ᠪᠠ ᠳᠠᠭᠠᠳᠬᠠᠯ ᠤᠨ ᠪᠠᠶᠢᠭᠤᠯᠤᠮᠵᠢ ᠲᠠᠢ ᠬᠠᠷᠢᠯᠴᠠᠨ᠎ᠠ᠃        ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃    
 
ᠢᠷᠡᠯᠲᠡ᠄ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号