ᠸᠠᠩ ᠵᠢᠶᠦ᠋ᠨ ᠰᠢᠶᠠᠨ
ᠨᠡᠶᠢᠲᠡᠯᠡᠭᠰᠡᠨ ᠴᠠᠭ᠄
2020-08-07
ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠤᠳᠤᠷᠢᠳᠤᠯᠭ᠎ᠠ ᠶᠢᠨ ᠲᠠᠨᠢᠯᠴᠠᠭᠤᠯᠭ᠎ᠠ᠄        ᠸᠠᠩ ᠵᠢᠶᠦ᠋ᠨ ᠰᠢᠶᠠᠨ᠂ ᠡᠷᠡᠭᠲᠡᠶ᠂ ᠬᠢᠲᠠᠳ ᠦᠨᠳᠦᠰᠦᠲᠡᠨ᠂ 1969 ᠣᠨ ᠳᠤ ᠲᠥᠷᠥᠵᠡᠢ᠃ ᠾᠧᠨᠠᠨ ᠳᠤ ᠨᠤᠲᠤᠭ ᠲᠠᠢ᠂ ᠲᠥᠷᠥᠭᠰᠡᠨ ᠭᠠᠵᠠᠷ ᠨᠢ ᠥᠪᠥᠷ ᠮᠣᠩᠭᠤᠯ ᠤᠨ ᠦᠬᠠᠶ ᠬᠤᠲᠠ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ 1990 ᠣᠨ ᠤ 7 ᠰᠠᠷ᠎ᠠ ᠳᠤ ᠠᠵᠢᠯ ᠳᠤ ᠣᠷᠣᠵᠤ᠂1996 ᠣᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠃ᠠᠵᠢᠯ ᠤᠨ ᠲᠣᠪᠴᠢ ᠨᠠᠮᠲᠠᠷ᠄        1990.07 — 1990.11 ᠥᠪᠥᠷ ᠮᠣᠩᠭᠤᠯ ᠤᠨ ᠰᠢ ᠵᠢᠶᠠᠨ ᠸᠠᠭᠠᠷ ᠲᠣᠭᠤᠰᠬ᠎ᠠ ᠶᠢᠨ ᠦᠢᠯᠡᠳᠪᠦᠷᠢ ᠶᠢᠨ ᠠᠵᠢᠯᠴᠢᠨ        1990.11 — 1997.11 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠲᠠ ᠶᠢᠨ ᠤᠳᠠ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠭᠡᠰᠢᠭᠦᠴᠢ ︵ᠡᠨᠡ ᠬᠤᠭᠤᠴᠠᠭᠠᠨ ᠳᠤ᠄ 1993.06 — 1996.07 ᠲᠥᠪ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠨᠠᠰᠤᠨ ᠳᠤ ᠬᠦᠷᠦᠭᠰᠡᠳ ᠤᠨ ᠡᠳ᠋ ᠤᠨ ᠵᠠᠰᠠᠭ ᠭᠠᠶᠢᠯᠢ ᠶᠢᠨ ᠲᠤᠰᠬᠠᠢ ᠮᠡᠷᠭᠡᠵᠢᠯ ᠳᠤ ᠰᠤᠷᠤᠯᠴᠠᠪᠠ︶        1997.11 — 1999.06 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠲᠠ ᠶᠢᠨ ᠤᠳᠠ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠡᠳ᠋ ᠡᠷᠬᠢᠯᠡᠭᠴᠢ ᠭᠡᠰᠢᠭᠦᠴᠢ        1999.06 — 2002.04 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠲᠠ ᠶᠢᠨ ᠤᠳᠠ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ ᠤᠨ ᠳᠡᠳ᠋ ᠡᠷᠬᠢᠯᠡᠭᠴᠢ        2002.04 — 2004.03 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠳᠠ ᠶᠢᠨ ᠤᠳᠠ ᠲᠣᠭᠤᠷᠢᠭ ᠤᠨ ᠪᠠᠶᠠᠨᠰᠠᠶᠢᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ        2004.03 — 2008.06 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠳᠠ ᠶᠢᠨ ᠤᠳᠠ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ ︵ᠡᠨᠡ ᠬᠤᠭᠤᠴᠠᠭᠠᠨ ᠳᠤ᠄ 2004.09 — 2007.01 ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠠᠵᠤ ᠠᠬᠤᠢ ᠶᠢᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠳᠤ ᠰᠤᠷᠤᠯᠴᠠᠪᠠ︔ 2006.04 — 2006.12 ᠦᠬᠠᠢ ᠬᠤᠲᠠ ᠶᠢᠨ ᠡᠳ᠋ ᠤᠨ ᠵᠠᠰᠠᠭ ᠤᠨ  ᠲᠤᠪᠴᠢᠶᠠᠨ ᠳᠤ ᠲᠦᠷ ᠲᠤᠰᠢᠶᠠᠯ ᠡᠭᠦᠷᠭᠡᠯᠡᠨ ᠪᠣᠯᠪᠠᠰᠤᠷᠠᠪᠠ︶        2008.06 — 2010.06 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠳᠠ ᠶᠢᠨ ᠤᠳᠠ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠶᠢᠨ ᠲᠤᠰᠠᠯᠠᠭᠴᠢ᠂ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ        2010.06 — 2010.07 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠳᠠ ᠶᠢᠨ ᠤᠳᠠ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ        2010.07 — 2016.08 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠳᠠ ᠶᠢᠨ ᠤᠳᠠ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ        2016.08 — 2018.10 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠶᠢᠨ ᠤᠳᠠ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠤᠨ ᠤ  ᠳᠡᠳ᠋ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ        2018.10 — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠲᠠ ᠶᠢᠨ ᠤᠳᠠ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢᠠᠵᠢᠯ ᠤᠨ ᠡᠭᠦᠷᠭᠡ ᠬᠠᠷᠢᠭᠤᠴᠠᠯᠭ᠎ᠠ᠄        ᠸᠠᠩ ᠵᠢᠶᠦ᠋ᠨ ᠰᠢᠶᠠᠨ ᠨᠥᠬᠦᠷ ᠬᠠᠨ ᠯᠢ ᠫᠢᠩ ᠨᠥᠬᠦᠷ ᠢ ᠬᠠᠪᠰᠤᠷᠤᠨ ᠨᠠᠮ ᠤᠨ ᠪᠠᠶᠢᠭᠤᠯᠤᠯᠲᠠ ᠶᠢᠨ ᠠᠵᠢᠯ ᠪᠤᠯᠤᠨ ᠲᠤᠭᠤᠷᠢᠭ ᠤᠨ ᠨᠠᠮ ᠤᠨ ᠬᠤᠷᠢᠶᠠᠨ ᠤ ᠡᠳᠦᠷ ᠲᠤᠳᠤᠮ ᠤᠨ ᠠᠵᠢᠯ ᠢ ᠬᠠᠷᠢᠭᠤᠴᠠᠵᠦ᠂     ᠲᠤᠭᠤᠷᠢᠭ ᠤᠨ ᠨᠠᠮ ᠤᠨ ᠬᠤᠷᠢᠶ᠎ᠠ ᠪᠠᠷ ᠲᠦᠷᠦᠭᠦᠯᠡᠭᠦᠯᠦᠭᠰᠡᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠂ ᠲᠤᠰᠬᠠᠶ ᠴᠡᠭᠴᠡᠯᠡᠨ ᠵᠠᠰᠠᠬᠤ ᠪᠠ ᠡᠭᠦᠳᠦᠨ ᠪᠠᠶᠢᠭᠤᠯᠬᠤ ᠠᠵᠢᠯ ᠢ ᠨᠢᠭᠡᠳᠦᠯᠲᠡᠶ ᠲᠥᠯᠥᠪᠯᠡᠵᠦ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠨᠠᠶᠢᠳᠠᠯᠭ᠎ᠠ ᠪᠠᠷ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃ ᠲᠤᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠪᠦᠬᠦ ᠲᠠᠯ᠎ᠠ ᠶᠢᠨ ᠠᠵᠢᠯ ᠢ ᠡᠷᠬᠢᠯᠡᠵᠦ᠂ ᠤᠯᠤᠰ ᠲᠥᠷᠥ ᠬᠠᠤᠯᠢ ᠴᠠᠭᠠᠵᠠ ᠶᠢᠨ ᠵᠠᠬᠢᠳᠠᠯ ᠰᠤᠷᠪᠤᠯᠵᠢᠯᠠᠯ ᠤᠨ ᠲᠣᠭᠲᠠᠭᠤᠨ ᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠲᠤᠭᠤᠷᠢᠭ ᠤᠨ ᠨᠠᠮ ᠤᠨ ᠬᠤᠷᠢᠶᠠᠨ ᠤ ᠰᠡᠷᠭᠡᠶᠢᠯᠡᠬᠦ ᠠᠯᠪᠠᠨ ᠭᠡᠷ᠂ ᠭᠠᠵᠢᠭᠤ ᠨᠣᠮᠯᠠᠯ ᠢ ᠡᠰᠡᠷᠭᠦᠴᠡᠬᠦ ᠨᠡᠶᠢᠭᠡᠮᠯᠢᠭ ᠤᠨ ᠠᠯᠪᠠᠨ ᠭᠡᠷ ᠢ ᠬᠤᠪᠢᠳᠠᠨ ᠬᠠᠮᠢᠶᠠᠷᠴᠤ᠂ ᠲᠤᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠲᠠᠢ ᠬᠠᠷᠢᠯᠴᠠᠨ᠎ᠠ᠃ ᠣᠯᠠᠨ ᠲᠦᠮᠡᠨ ᠤ ᠪᠦᠯᠬᠦᠮ ᠤᠨ ᠠᠵᠢᠯ ᠢ ᠬᠠᠷᠢᠭᠤᠴᠠᠵᠤ᠂ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ᠂ ᠡᠪ ᠬᠠᠮᠲᠦ ᠵᠠᠯᠠᠭᠤᠴᠣᠳ ᠤᠨ ᠡᠪᠯᠡᠯ ᠤᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠲᠣᠭᠤᠷᠢᠭ ᠤᠨ ᠵᠡᠮᠳᠡᠭᠴᠦᠳ ᠤᠨ ᠬᠤᠯᠪᠣᠭᠠᠲᠤ ᠬᠤᠷᠠᠯ᠂ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠢ ᠬᠤᠪᠢᠳᠠᠨ ᠬᠠᠮᠢᠶᠠᠷᠤᠨ᠎ᠠ᠂ ᠲᠤᠭᠤᠷᠢᠭ ᠤᠨ ᠨᠠᠮ ᠤᠨ ᠬᠤᠷᠢᠶᠠᠨ ᠤ ᠰᠤᠷᠭᠠᠨ ᠬᠥᠮᠦᠵᠢᠯ᠂ ᠲᠠᠷᠢᠶᠠᠯᠠᠬᠤ ᠮᠠᠯᠵᠢᠬᠤ ᠣᠷᠣᠨ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠢ ᠡᠷᠬᠢᠯᠡᠵᠦ᠂ ᠲᠠᠷᠢᠶᠠᠯᠠᠬᠤ ᠣᠷᠣᠨ᠂ ᠶᠠᠳᠠᠭᠤ ᠶᠢ ᠲᠡᠳᠬᠦᠬᠦ ᠠᠵᠢᠯ ᠢ ᠬᠠᠷᠢᠭᠤᠴᠠᠨ᠎ᠠ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠵᠥᠪᠯᠡᠯ ᠤᠨ ᠡᠳᠦᠷ ᠲᠤᠳᠤᠮ ᠤᠨ ᠠᠵᠢᠯ ᠢ ᠬᠠᠷᠢᠭᠤᠴᠠᠨ᠎ᠠ︔ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠣᠭᠤᠷᠢᠭ ᠤᠨ ᠠᠷᠠᠳ ᠤᠨ ᠰᠢᠭᠦᠭᠦ ᠬᠤᠷᠢᠶ᠎ᠠ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠲᠠᠢ ᠬᠠᠷᠢᠯᠴᠠᠨ᠎ᠠ᠃        
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号