ᠯᠢᠶᠠᠩ ᠵᠢᠶᠠ ᠭᠸᠦ ᠬᠡᠷᠡᠭ ᠡᠷᠬᠢᠯᠡᠬᠦ ᠭᠠᠵᠠᠷ ᠡᠷᠦᠬᠡ ᠳᠤ ᠣᠷᠣᠵᠤ ᠰᠢᠨ᠎ᠡ ᠪᠠᠷ ᠨᠡᠮᠡᠭᠳᠡᠭᠰᠡᠨ ᠣᠨᠴᠠ ᠬᠦᠴᠢᠷᠳᠡᠯᠲᠠᠢ ᠬᠦᠮᠦᠰ ᠲᠤ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2020/9/16
     ᠣᠶᠢᠷ᠎ᠠ ᠳᠤ᠂ ᠯᠢᠶᠠᠩ ᠵᠢᠶᠠ ᠭᠸᠦ ᠵᠡᠭᠡᠯᠢ ᠭᠤᠳᠤᠮᠵᠢ ᠬᠡᠷᠡᠭ ᠡᠷᠬᠢᠯᠡᠬᠦ ᠭᠠᠵᠠᠷ ᠤᠨ ᠠᠷᠠᠳ ᠤᠨ ᠶᠠᠪᠤᠳᠠᠯ ᠤᠨ ᠲᠤᠰᠠᠯᠠᠭᠴᠢ ᠬᠢᠭᠡᠳ ᠶᠦᠩ ᠴᠠᠩ ᠵᠢᠶᠠ ᠶᠤᠸᠠᠨ ᠨᠡᠶᠢᠭᠡᠮ ᠲᠣᠭᠤᠷᠢᠭ ᠤᠨ ᠠᠷᠠᠳ ᠤᠨ ᠶᠠᠪᠤᠳᠠᠯ ᠤᠨ ᠬᠠᠮᠢᠶᠠᠷᠤᠭᠴᠢ ᠲᠠᠢ ᠬᠠᠮᠲᠤ ᠰᠢᠨ᠎ᠡ ᠪᠠᠷ ᠨᠡᠮᠡᠭᠳᠡᠭᠰᠡᠨ ᠣᠨᠴᠠ ᠬᠦᠴᠢᠷᠳᠡᠯᠲᠡᠶ ᠬᠥᠮᠦᠨ ᠶᠠᠩ ᠰᠠᠨ ᠰᠢᠶᠤᠤ ᠳᠤ ᠡᠷᠦᠬᠡ ᠠᠮᠠ ᠳᠤ ᠬᠦᠷᠴᠦ ᠪᠠᠶᠢᠴᠠᠭᠠᠯᠲᠠ ᠬᠢᠵᠦ᠂ ᠮᠡᠳᠡᠭᠦᠯᠦᠭᠴᠢ ᠶᠢᠨ ᠡᠷᠦᠬᠡ ᠠᠮᠠ ᠶᠢᠨ ᠮᠡᠳᠡᠭᠡ ᠵᠠᠩᠭᠢ᠂ ᠠᠵᠤ ᠠᠬᠤᠶ ᠶᠢᠨ ᠣᠷᠣᠯᠭ᠎ᠠ᠂ ᠣᠳᠣ ᠶᠢᠨ ᠣᠷᠣᠨ ᠰᠠᠭᠤᠴᠠ ᠶᠢᠨ ᠪᠠᠶᠢᠳᠠᠯ ᠵᠡᠷᠭᠡ ᠶᠢ ᠬᠢᠨᠠᠨ ᠪᠠᠶᠢᠴᠠᠭᠠᠵᠤ᠂ ᠬᠠᠷᠢᠶᠠᠲᠤ ᠣᠷᠣᠨ ᠤ ᠬᠦᠴᠢᠷᠳᠡᠯᠲᠡᠶ ᠣᠯᠠᠨ ᠲᠦᠮᠡᠨ ᠤ ᠠᠮᠢᠳᠤᠷᠠᠯ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠶᠡᠬᠡᠪᠡᠷ ᠪᠠᠲᠤᠯᠠᠨ᠎ᠠ᠃ ᠡᠷᠦᠬᠡ ᠳᠤ ᠣᠷᠣᠬᠤ ᠶᠠᠪᠤᠴᠠ ᠳᠤ ᠨᠥᠬᠦᠪᠥᠷᠢᠯᠡᠬᠦ ᠴᠢᠬᠤᠯᠠᠲᠠᠶ ᠠᠭᠤᠯᠭ᠎ᠠ ᠶᠢ ᠨᠠᠷᠢᠨ ᠲᠣᠳᠣᠷᠬᠠᠶᠢᠯᠠᠵᠤ᠂ ᠮᠠᠲ᠋ᠧᠷᠢᠶᠠᠯ ᠢ ᠪᠥᠬᠦ ᠲᠠᠯ᠎ᠠ ᠪᠠᠷ  ᠭᠦᠢᠴᠡᠳ ᠪᠠᠲᠤᠯᠠᠵᠤ᠂ ᠨᠢᠭᠡ ᠯᠡ ᠤᠳᠠᠭ᠎ᠠ ᠳᠤ ᠬᠢᠨᠠᠨ ᠬᠠᠷᠭᠤᠭᠤᠯᠤᠨ᠎ᠠ᠃ ᠬᠠᠷᠢᠶ᠎ᠠ ᠣᠷᠣᠨ ᠤ ᠬᠦᠴᠢᠷᠳᠡᠯ ᠲᠠᠢ ᠬᠥᠮᠦᠰ ᠤᠨ ᠲᠤᠰᠠᠯᠠᠮᠵᠢ ᠬᠦᠷᠲᠡᠬᠦ ᠶᠢ ᠦᠨᠡᠨᠬᠦ ᠪᠠᠲᠤᠯᠠᠬᠤ ᠶᠢᠨ ᠲᠥᠯᠥᠭᠡ᠂ ᠯᠢᠶᠠᠩ ᠵᠢᠶᠠ ᠭᠧᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠠᠵᠢᠯ ᠤᠨ ᠶᠠᠪᠤᠴᠠ ᠶᠢ ᠦᠷᠭᠦᠯᠵᠢᠯᠡᠨ ᠵᠢᠷᠤᠮᠵᠢᠭᠤᠯᠵᠤ᠂ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠢᠯᠡ ᠲᠥᠪ ᠭᠤᠤᠯᠴᠢ᠂ ᠡᠷᠬᠡ ᠲᠡᠭᠰᠢ ᠪᠠᠷ ᠬᠡᠷᠡᠭᠵᠢᠭᠦᠯᠬᠦ ᠶᠢ ᠪᠠᠲᠤᠯᠠᠵᠠᠶ᠃ ᠭᠡᠷ ᠪᠦᠯᠢ ᠶᠢᠨ ᠣᠷᠣᠯᠭ᠎ᠠ ᠶᠢᠨ ᠲᠣᠭᠠᠴᠠᠭ᠎ᠠ ᠶᠢ ᠴᠢᠩᠭᠠᠳᠬᠠᠵᠦ ᠢᠲᠡᠭᠡᠮᠵᠢ ᠶᠢᠨ ᠳᠡᠮᠵᠢᠯᠭᠡ ᠶᠢ ᠰᠠᠨᠠᠭᠠᠴᠢᠯᠠᠨ᠂ ᠬᠥᠳᠡᠯᠦᠩᠭᠦᠶ ᠬᠠᠮᠢᠶᠠᠷᠤᠯᠲᠠ ᠶᠢ ᠴᠢᠩᠭᠠᠳᠬᠠᠵᠠᠢ᠃ ᠡᠷᠬᠡ ᠲᠡᠭᠰᠢ ᠪᠠᠷ ᠪᠠᠲᠤᠯᠠᠭ᠎ᠠ ᠣᠯᠭᠤᠵᠤ᠂ ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠵᠤ᠂ ᠪᠤᠴᠠᠭᠠᠪᠠᠯ ᠵᠣᠬᠢᠬᠤ ᠶᠢ ᠨᠢ ᠳᠠᠷᠦ᠋ᠢᠬᠠᠨ ᠵᠣᠭᠰᠣᠭᠠᠵᠤ᠂ ᠲᠥᠷᠥᠯ ᠬᠤᠪᠢᠶᠠᠨ ᠪᠠᠲᠤᠯᠠᠭ᠎ᠠ ᠣᠯᠭᠤᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠭᠤᠤᠯᠳᠠᠯᠭ᠎ᠠ ᠲᠠᠢ ᠪᠠᠲᠤᠯᠠᠬᠤ ᠡᠲᠡᠭᠡᠳ ᠲᠤ ᠭᠤᠤᠯᠳᠠᠯᠭ᠎ᠠ ᠲᠠᠢ ᠪᠠᠲᠤᠯᠠᠭ᠎ᠠ ᠶᠢ ᠬᠡᠷᠡᠭᠵᠢᠭᠦᠯᠪᠡ᠃
   
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号